12 ᠳ᠋ᠤᠭᠠᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠤᠬᠠᠭᠤᠯᠬᠤ ᠬᠡᠯᠲᠡᠰ ᠲᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ | ᠳᠠᠷᠤᠭ᠎ᠠ ᠴᠤᠯᠮᠥᠨ᠂ ᠬᠦᠬᠡᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠵᠠᠩ ᠶᠢᠨ | ᠫᠢᠩ ᠨᠡᠷ ᠰᠢᠨ᠎ᠡ ᠬᠤᠲᠠ ᠲᠣᠭᠤᠷᠢᠭ ᠲᠤ ᠬᠦᠷᠴᠦ ᠦᠵᠡᠯ ᠰᠠᠨᠠᠭ᠎ᠠ ᠰᠣᠶᠣᠯ ᠢ ᠤᠬᠠᠭᠤᠯᠤᠨ ᠰᠤᠷᠲᠠᠯᠴᠢᠯᠠᠬᠤ | ᠠᠵᠢᠯ ᠢ ᠰᠢᠮᠳᠠᠭᠤᠯᠤᠨ ᠪᠠᠶᠢᠴᠠᠭᠠᠵᠤ᠂ ᠰᠢᠨ᠎ᠡ ᠬᠤᠲᠠ ᠲᠣᠭᠤᠷᠢᠭ ᠤᠨ ᠲᠤᠭᠤᠷᠢᠭ ᠤᠨ ᠨᠠᠮ ᠤᠨ ᠬᠤᠷᠢᠶ᠎ᠠ ᠶᠢᠨ | ᠤᠬᠠᠭᠤᠯᠬᠤ ᠬᠡᠯᠲᠡᠰ ᠤᠨ ᠳᠠᠷᠤᠭ᠎ᠠ ᠴᠢᠨ ᠭᠦᠸᠧ ᠵᠢᠶᠦ᠋ᠨ ᠪᠠᠷ᠎ᠠ ᠪᠣᠯᠵᠤ ᠰᠢᠮᠳᠠᠭᠤᠯᠤᠨ ᠪᠠᠶᠢᠴᠠᠭᠠᠪᠠ᠃ | | | | | | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠪᠤᠷᠤᠬᠤᠰᠢᠭᠤ ᠪᠠᠯᠭᠠᠰᠤᠨ ᠤ ᠤᠪᠤᠭ᠎ᠠ | ᠲᠣᠰᠬᠤᠨ᠂ ᠪᠠᠷᠠᠭᠤᠨ ᠵᠡᠭᠡᠯᠢ ᠭᠤᠳᠤᠮᠵᠢ ᠶᠢᠨ ᠰᠢᠩ ᠾᠦᠸᠧ ᠭᠤᠳᠤᠮᠵᠢ ᠶᠢᠨ ᠨᠡᠶᠢᠭᠡᠮ ᠲᠣᠭᠤᠷᠢᠭ᠂ ᠳ᠋ᠦᠩ | ᠹᠧᠩ ᠵᠠᠮ ᠤᠨ ᠵᠡᠭᠡᠯᠢ ᠭᠤᠳᠤᠮᠵᠢ ᠶᠢᠨ ᠰᠢᠶᠠᠩ ᠶᠤᠸᠠᠨ ᠨᠡᠶᠢᠭᠡᠮ ᠲᠣᠭᠤᠷᠢᠭ᠂ ᠵᠣᠴᠢᠨ ᠤᠭᠲᠤᠬᠤ ᠰᠢᠨ᠎ᠡ | ᠵᠠᠮ ᠤᠨ ᠵᠡᠭᠡᠯᠢ ᠭᠤᠳᠤᠮᠵᠢ ᠶᠢᠨ ᠪᠦᠯᠬᠦᠮᠳᠡᠯ ᠵᠢᠵᠢᠭ ᠲᠣᠭᠤᠷᠢᠭ ᠤᠨ ᠨᠡᠶᠢᠭᠡᠮ ᠲᠣᠭᠤᠷᠢᠭ ᠢ ᠪᠠᠶᠢᠴᠠᠭᠠᠨ | ᠰᠤᠳᠤᠯᠵᠤ᠂ ᠦᠨᠳᠦᠰᠦᠨ ᠱᠠᠲᠤᠨ ᠤ ᠦᠵᠡᠯ ᠰᠠᠨᠠᠭ᠎ᠠ ᠰᠣᠶᠣᠯ ᠢ ᠤᠬᠠᠭᠤᠯᠤᠨ ᠰᠤᠷᠲᠠᠯᠴᠢᠯᠠᠬᠤ ᠠᠵᠢᠯ | ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠵᠤ᠂ ᠠᠵᠢᠯ ᠤᠨ ᠬᠠᠷᠢᠭᠤ ᠮᠡᠳᠡᠭᠦᠯᠦᠯᠲᠡ ᠶᠢ | ᠰᠤᠨᠤᠰᠴᠤ᠂ ᠰᠠᠨᠠᠯ ᠰᠠᠨᠠᠭᠤᠯᠭ᠎ᠠ ᠳᠤᠷᠠᠳᠪᠠ᠃ | | | | | | ᠤᠪᠤᠭ᠎ᠠ ᠲᠣᠰᠬᠤᠨ ᠳᠤ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠬᠥᠳᠡᠭᠡ ᠲᠣᠰᠬᠤᠨ ᠤ ᠬᠡᠪ | ᠰᠤᠷᠲᠠᠯ ᠤᠨ ᠪᠣᠯᠪᠠᠰᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ︽ᠮᠢᠩᠭᠠᠨ ᠲᠣᠰᠬᠤᠨ ᠢᠶᠠᠷ | ᠵᠢᠱᠢᠶ᠎ᠡ ᠦᠵᠡᠭᠦᠯᠵᠦ᠂ ᠲᠦᠮᠡᠨ ᠲᠣᠰᠬᠤᠨ ᠠᠵᠢᠯᠯᠠᠭ᠎ᠠ ᠬᠢᠬᠦ︾ ᠠᠵᠢᠯ ᠢ ᠭᠤᠤᠯᠳᠠᠯᠭ᠎ᠠ ᠲᠠᠢ ᠪᠠᠶᠢᠴᠠᠭᠠᠨ | ᠦᠵᠡᠪᠡ︔ ᠰᠢᠩ ᠾᠦᠸᠧ ᠭᠤᠳᠤᠮᠵᠢ ᠶᠢᠨ ᠨᠡᠶᠢᠭᠡᠮ ᠲᠣᠭᠤᠷᠢᠭ ᠲᠤ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ | ᠨᠡᠶᠢᠭᠡᠮ ᠲᠣᠭᠤᠷᠢᠭ ᠤᠨ ᠠᠵᠢᠯᠲᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ | ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠰᠢᠶᠠᠩ ᠶᠤᠸᠠᠨ ᠨᠡᠶᠢᠭᠡᠮ | ᠲᠣᠭᠤᠷᠢᠭ ᠲᠤ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠭᠤᠤᠯ | ᠭᠤᠳᠤᠶᠢᠯᠠᠩ ᠤᠨ ᠰᠤᠷᠤᠯᠴᠠᠯᠭ᠎ᠠ᠂ ᠤᠨᠤᠯ ᠤᠨ ᠤᠬᠠᠭᠤᠯᠭ᠎ᠠ ᠪᠣᠯᠤᠨ ᠪᠦᠬᠦ ᠣᠷᠣᠨ ᠤ ᠤᠨᠤᠯ ᠤᠨ ᠵᠡᠪᠰᠡᠭᠲᠦ | ᠬᠦᠴᠦᠨ ᠤ ᠠᠵᠢᠯ ᠢ ᠣᠶᠢᠯᠠᠭᠠᠪᠠ︔ ᠪᠦᠯᠬᠦᠮᠳᠡᠯ ᠵᠢᠵᠢᠭ ᠲᠣᠭᠤᠷᠢᠭ ᠤᠨ ᠨᠡᠶᠢᠭᠡᠮ ᠲᠣᠭᠤᠷᠢᠭ ᠲᠤ᠂ | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠵᠡᠭᠡᠯᠢ ᠭᠤᠳᠤᠮᠵᠢ ᠶᠢᠨ ᠭᠤᠤᠯ ᠰᠡᠳᠦᠪᠲᠦ ᠬᠥᠮᠦᠵᠢᠯ ᠢ ᠥᠷᠨᠢᠭᠦᠯᠵᠦ | ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠰᠢᠨ᠎ᠡ ᠬᠤᠲᠠ ᠲᠣᠭᠤᠷᠢᠭ ᠤᠨ ᠭᠤᠤᠯ ᠰᠡᠳᠦᠪᠲᠦ | ᠬᠥᠮᠦᠵᠢᠯ ᠤᠬᠠᠭᠤᠯᠭ᠎ᠠ ᠶᠢᠨ ᠪᠠᠶᠢᠳᠠᠯ ᠵᠢᠴᠢ ᠤᠬᠠᠭᠤᠯᠬᠤ ᠬᠡᠯᠲᠡᠰ ᠤᠨ ᠡᠭᠦᠷᠭᠡᠯᠡᠵᠦ ᠪᠠᠶᠢᠭ᠎ᠠ ᠬᠤᠶᠠᠷ ᠵᠤᠶᠢᠯ ᠤᠨ | ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | | | | | | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠵᠢᠭᠠᠨ ᠭᠠᠷᠭᠠᠭᠰᠠᠨ ᠨᠢ᠂ ᠰᠢᠨ᠎ᠡ ᠬᠤᠲᠠ ᠲᠣᠭᠤᠷᠢᠭ ᠤᠨ | ᠦᠵᠡᠯ ᠰᠠᠨᠠᠭ᠎ᠠ ᠰᠣᠶᠣᠯ ᠢ ᠤᠬᠠᠭᠤᠯᠤᠨ ᠰᠤᠷᠲᠠᠯᠴᠢᠯᠠᠬᠤ ᠠᠵᠢᠯ ᠨᠢ ᠠᠷᠠᠳ ᠲᠦᠮᠡᠨ ᠢᠶᠠᠷ ᠭᠤᠤᠯ ᠪᠣᠯᠭᠠᠬᠤ ᠶᠢ | ᠦᠨᠡᠨᠬᠦ ᠪᠠᠷᠢᠮᠲᠠᠯᠠᠵᠤ᠂ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠵᠢᠵᠢᠭ ᠰᠠᠵᠢᠭ ᠶᠠᠪᠤᠳᠠᠯ ᠠᠴᠠ | ᠡᠭᠦᠰᠴᠦ᠂ ᠦᠨᠡᠨ ᠬᠦ ᠠᠷᠠᠳ ᠤᠨ ᠲᠥᠯᠥᠭᠡ ᠵᠢᠳᠬᠦᠵᠦ᠂ ᠣᠯᠠᠨ ᠲᠦᠮᠡᠨ ᠲᠠᠢ ᠣᠶᠢᠷᠠᠲᠤᠨ᠂ ᠠᠷᠠᠳ ᠤᠨ | ᠰᠡᠳᠬᠢᠯ ᠢ ᠨᠢᠭᠲᠠᠷᠠᠭᠤᠯᠵᠤ᠂ ᠣᠯᠠᠨ ᠲᠦᠮᠡᠨ ᠢ ᠨᠠᠩ ᠰᠠᠶᠢᠲᠤᠷ ᠬᠥᠲᠥᠯᠥᠨ ᠵᠢᠯᠣᠭᠤᠳᠴᠤ᠂ ᠣᠯᠠᠨ ᠲᠦᠮᠡᠨ ᠳᠤ | ᠦᠢᠯᠡᠴᠢᠯᠡᠨ᠂ ᠦᠵᠡᠯ ᠰᠠᠨᠠᠭ᠎ᠠ ᠰᠣᠶᠣᠯ ᠢ ᠤᠬᠠᠭᠤᠯᠤᠨ ᠰᠤᠷᠲᠠᠯᠴᠢᠯᠠᠬᠤ ᠠᠵᠢᠯ ᠢ ᠣᠯᠠᠨ ᠲᠦᠮᠡᠨ ᠤ | ᠰᠡᠳᠬᠢᠯ ᠳᠤ ᠬᠠᠳᠠᠩᠰᠢᠭᠤᠯᠪᠠ᠃ | | | | | | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠴᠢᠬᠤᠯᠠᠴᠢᠯᠠᠭᠰᠠᠨ ᠨᠢ᠂ ᠠᠵᠢᠯ ᠤᠨ ᠳᠤᠮᠳᠠᠬᠢ ᠭᠢᠯᠠᠰ ᠴᠡᠭ | ᠪᠣᠯᠤᠨ ᠨᠡᠶᠢᠲᠡᠯᠢᠭ ᠵᠢᠱᠢᠶ᠎ᠡ ᠶᠢ ᠤᠯᠠᠮ ᠨᠢᠭᠡ ᠠᠯᠬᠤᠮ ᠳ᠋ᠦᠩᠨᠡᠨ ᠳᠡᠯᠭᠡᠷᠡᠭᠦᠯᠵᠦ᠂ ᠣᠨᠴᠠᠯᠢᠭ ᠢ ᠳᠣᠪᠤᠶᠢᠯᠭᠠᠨ᠂ | ᠦᠵᠡᠯ ᠰᠠᠨᠠᠭ᠎ᠠ ᠰᠣᠶᠣᠯ ᠢ ᠤᠬᠠᠭᠤᠯᠤᠨ ᠰᠤᠷᠲᠠᠯᠴᠢᠯᠠᠬᠤ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠬᠦ | ᠬᠡᠷᠡᠭᠲᠡᠶ᠃ ᠡᠭᠦᠨ ᠤ ᠬᠠᠮᠲᠤ᠂ ᠲᠤᠯᠭᠠᠭᠤᠷᠢᠯᠠᠬᠤ ᠪᠠᠨ ᠴᠢᠩᠭᠠᠳᠬᠠᠵᠤ᠂ ᠰᠢᠨ᠎ᠡ ᠶᠢ ᠡᠭᠦᠳᠬᠦ ᠲᠤᠭᠲᠠᠴᠠ᠂ | ᠴᠢᠳᠠᠪᠤᠷᠢᠲᠠᠨ ᠤ ᠡᠩᠨᠡᠭᠡ ᠵᠡᠷᠭᠡ ᠬᠦᠴᠦᠲᠡᠶ ᠲᠤᠯᠭᠠᠭᠤᠷᠢᠯᠠᠯ ᠢ ᠪᠦᠷᠢᠯᠳᠦᠭᠦᠯᠵᠦ᠂ ᠦᠵᠡᠯ ᠰᠠᠨᠠᠭ᠎ᠠ ᠰᠣᠶᠣᠯ ᠢ | ᠤᠬᠠᠭᠤᠯᠤᠨ ᠰᠤᠷᠲᠠᠯᠴᠢᠯᠠᠬᠤ ᠠᠵᠢᠯ ᠢ ᠦᠨᠳᠦᠰᠦᠨ ᠱᠠᠲᠤᠨ ᠳᠤ ᠪᠣᠳᠠᠲᠠᠶᠢᠵᠢᠭᠤᠯᠵᠤ ᠬᠦᠴᠦᠷᠬᠡᠭᠵᠢᠭᠦᠯᠬᠦ ᠶᠢ | ᠠᠬᠢᠭᠤᠯᠬᠤ ᠬᠡᠷᠡᠭᠲᠡᠶ ᠭᠡᠪᠡ᠃ |