ᠶᠠᠩ ᠸᠧᠢ ᠳ᠋ᠦᠩ ᠶᠠᠷᠢᠶ᠎ᠠ ᠲᠠᠯᠪᠢᠵᠠᠢ | ᠥᠪᠥᠷ ᠮᠣᠩᠭᠤᠯ ᠤᠨ ᠡᠳᠦᠷ ᠤᠨ ᠰᠤᠨᠢᠨ ᠤ ᠮᠡᠳᠡᠭᠡ ︵ᠰᠤᠷᠪᠤᠯᠵᠢᠯᠠᠭᠴᠢ ᠵᠢᠢ ᠴᠢᠩ ᠯᠢᠩ︶ 12 ᠰᠠᠷ᠎ᠠ | ᠶᠢᠨ 18 ᠤ ᠦᠳᠡ ᠶᠢᠨ ᠡᠮᠦᠨ᠎ᠡ᠂ ᠪᠦᠬᠦ ᠣᠷᠣᠨ ᠤ ᠰᠤᠮᠤ ᠰᠢᠶᠠᠩ ᠪᠠᠯᠭᠠᠰᠤ ᠪᠤᠯᠤᠨ ᠵᠡᠬᠡᠯᠢ ᠭᠤᠳᠤᠮᠵᠢ ᠶᠢᠨ | ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠠᠵᠢᠯ ᠢ ᠠᠬᠢᠭᠤᠯᠬᠤ ᠬᠤᠷᠡᠯ ᠬᠦᠬᠡᠬᠤᠳᠠ ᠳᠤ ᠬᠤᠷᠠᠯᠳᠤᠪᠠ᠃ | ᠬᠤᠷᠡᠯ ᠠᠴᠠ ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠡᠨ ᠤ ᠲᠦᠷᠪᠡᠳᠤᠭᠡᠷ ᠪᠦᠬᠦᠳᠡ ᠬᠤᠷᠡᠯ | ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠥ᠂ ᠤᠷᠤᠨ ᠨᠤᠳᠤᠭ ᠤᠨ ᠪᠠᠶᠢᠭᠤᠯᠤᠮᠵᠢ ᠶᠢᠨ | ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠪᠡ ᠦᠨᠳᠦᠰᠦᠨ ᠱᠠᠳᠤᠨ ᠤ ᠨᠡᠶᠢᠳᠬᠡᠬᠦ ᠬᠢᠨᠠᠨ ᠵᠦᠪᠰᠢᠶᠡᠷᠡᠬᠦ ᠦᠢᠯᠡᠴᠢᠯᠡᠬᠦ | ᠬᠠᠤᠯᠢ ᠬᠡᠷᠡᠭᠵᠢᠬᠦᠯᠬᠦ ᠬᠦᠴᠦᠨ ᠢ ᠠᠬᠢᠭᠤᠯᠬᠤ ᠠᠵᠢᠯ ᠤᠨ ᠲᠤᠬᠠᠢ ᠲᠦᠪ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠪᠦᠬᠦ ᠤᠷᠤᠨ ᠤ ᠰᠤᠮᠤ ᠰᠢᠶᠠᠩ ᠪᠠᠯᠭᠠᠰᠤ ᠪᠤᠯᠤᠨ ᠵᠡᠬᠡᠯᠢ ᠭᠤᠳᠤᠮᠵᠢ | ᠶᠢᠨ ᠦᠬᠡᠷᠡᠴᠢᠯᠡᠯᠳᠡ ᠶᠢᠨ ᠡᠯ᠎ᠡ ᠵᠦᠢᠯ ᠤᠨ ᠡᠬᠦᠷᠬᠡ ᠶᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠵᠥ ᠦᠷ᠎ᠡ | ᠪᠦᠳᠦᠮᠵᠢ ᠭᠠᠷᠭᠠᠬᠤ ᠶᠢ ᠯᠠᠪᠳᠠᠭᠤᠨ ᠪᠠᠳᠤᠳᠠᠢ ᠠᠬᠢᠭᠤᠯᠬᠤ ᠪᠠᠷ ᠪᠤᠯᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ | ᠬᠡᠯᠳᠡᠰ ᠤᠨ ᠳᠠᠷᠤᠭ᠎ᠠ᠂ ᠦᠪᠡᠷᠳᠡᠭᠡᠨ ᠵᠠᠰᠠᠬᠤ ᠤᠷᠤᠨ ᠤ ᠪᠠᠶᠢᠭᠤᠯᠤᠮᠵᠢ ᠶᠢᠨ ᠦᠬᠡᠷᠡᠴᠢᠯᠡᠯᠳᠡ ᠶᠢᠨ | ᠵᠤᠬᠢᠴᠠᠭᠤᠯᠬᠤ ᠲᠤᠭᠤᠢᠢᠯᠠᠩ ᠤᠨ ᠳᠠᠷᠤᠭ᠎ᠠ ᠶᠠᠩ ᠸᠧᠢ ᠳ᠋ᠦᠩ ᠬᠤᠷᠡᠯ ᠳᠤ ᠤᠷᠤᠯᠴᠠᠵᠥ ᠶᠠᠷᠢᠶ᠎ᠠ ᠲᠠᠯᠪᠢᠪᠠ᠃ | ᠬᠤᠷᠡᠯ ᠠᠴᠠ᠂ ᠰᠤᠮᠤ ᠰᠢᠶᠠᠩ ᠪᠠᠯᠭᠠᠰᠤ ᠪᠤᠯᠤᠨ ᠵᠡᠬᠡᠯᠢ ᠭᠤᠳᠤᠮᠵᠢ ᠶᠢᠨ ᠦᠬᠡᠷᠡᠴᠢᠯᠡᠯᠳᠡ ᠶᠢ | ᠬᠦᠨᠵᠡᠬᠡᠶᠢᠷᠡᠬᠦᠯᠬᠦ ᠪᠠᠷ ᠲᠠᠮᠵᠢᠨ᠂ ᠨᠠᠮ ᠤᠨ ᠦᠨᠳᠦᠰᠦᠨ ᠱᠠᠲᠤᠨ ᠤ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ | ᠶᠢ ᠦᠨᠡᠨ ᠬᠦ ᠴᠢᠩᠭᠠᠳᠬᠠᠵᠥ᠂ ᠲᠦᠬᠦᠮ ᠦᠨᠳᠤᠷ ᠦᠷ᠎ᠡ ᠪᠦᠳᠦᠮᠵᠢᠳᠡᠢ ᠦᠨᠳᠦᠰᠦᠨ ᠱᠠᠲᠤᠨ ᠤ | ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠵᠥ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠶᠢᠨ | ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠵᠥ᠂ ᠦᠨᠳᠦᠰᠦᠨ ᠱᠠᠲᠤᠨ ᠤ ᠬᠢᠨ ᠤ ᠵᠠᠰᠠᠯᠲᠠ ᠶᠢᠨ ᠰᠢᠰᠲ᠋ᠧᠮ | ᠪᠤᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠪᠡᠶᠡᠯᠡᠬᠦᠯᠬᠦ ᠶᠢ ᠠᠬᠢᠭᠤᠯᠬᠤ ᠬᠡᠷᠡᠭᠳᠡᠢ᠃ ᠵᠤᠬᠢᠶᠠᠨ | ᠪᠠᠶᠢᠭᠤᠯᠵᠥ ᠤᠳᠤᠷᠢᠳᠬᠤ ᠪᠠᠨ ᠦᠨᠡᠨ ᠬᠦ ᠴᠢᠩᠭᠠᠳᠬᠠᠵᠥ᠂ ᠰᠢᠨᠵᠢᠯᠡᠬᠦ ᠤᠬᠠᠭᠠᠨᠴᠢ ᠪᠠᠷ ᠨᠢᠬᠡᠳᠤᠯᠳᠡᠢ | ᠲᠦᠯᠥᠪᠵᠢᠬᠦᠯᠵᠥ᠂ ᠢᠳᠡᠪᠬᠢᠳᠡᠢ ᠯᠠᠪᠳᠠᠭᠤᠨ ᠢᠶᠠᠷ ᠠᠬᠢᠭᠤᠯᠵᠥ᠂ ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ᠂ | ᠪᠦᠬᠦᠯᠢ ᠴᠤᠭᠴᠠᠳᠤ ᠴᠢᠨᠠᠷ ᠪᠤᠯᠤᠨ ᠵᠤᠬᠢᠴᠠᠩᠭᠤᠢ ᠴᠢᠨᠠᠷ ᠢ ᠲᠡᠭᠡᠭᠰᠢᠯᠡᠬᠦᠯᠵᠥ᠂ ᠡᠯ᠎ᠡ ᠵᠦᠢᠯ ᠤᠨ ᠡᠬᠦᠷᠬᠡ ᠶᠢ ᠴᠠᠭ | ᠲᠤᠬᠠᠢ ᠳᠤᠨᠢ ᠴᠢᠨᠠᠷ ᠰᠠᠶᠢᠳᠠᠢ ᠪᠡᠶᠡᠯᠡᠬᠦᠯᠬᠦ ᠶᠢ ᠦᠨᠡᠨ ᠬᠦ ᠪᠠᠳᠤᠯᠠᠬᠤ ᠬᠡᠷᠡᠭᠳᠡᠢ ᠬᠡᠵᠥ ᠴᠢᠬᠤᠯᠡᠴᠢᠯᠠᠪᠠ᠃ | ᠦᠪᠡᠷᠳᠡᠭᠡᠨ ᠵᠠᠰᠠᠬᠤ ᠣᠷᠣᠨ ᠤ ᠡᠯ᠎ᠡ ᠬᠡᠯᠳᠡᠰ᠂ ᠵᠦᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ ᠶᠢᠨ | ᠬᠠᠷᠢᠭᠤᠴᠠᠯᠭᠠᠳᠠᠨ ᠭᠤᠤᠯ ᠬᠤᠷᠡᠯ ᠤᠨ ᠲᠠᠯᠠᠪᠠᠢ ᠳᠤ ᠬᠤᠷᠡᠯ ᠳᠤ ᠤᠷᠤᠯᠴᠠᠵᠥ᠂ ᠡᠯ᠎ᠡ ᠠᠶᠢᠮᠠᠭ ᠬᠤᠳᠠ᠂ | ᠬᠤᠰᠢᠭᠤ ᠰᠢᠶᠠᠨ ︵ᠬᠤᠳᠠ᠂ ᠲᠤᠭᠤᠷᠢᠭ︶ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ | ᠤᠳᠤᠷᠢᠳᠤᠯᠭ᠎ᠠ ᠵᠢᠴᠢ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠰᠤᠮᠤ ᠰᠢᠶᠠᠩ ᠪᠠᠯᠭᠠᠰᠤ ᠪᠤᠯᠤᠨ ᠵᠡᠭᠡᠯᠢ | ᠭᠤᠳᠤᠮᠵᠢ ᠶᠢᠨ ᠨᠠᠮ ᠵᠠᠰᠠᠭ ᠤᠨ ᠭᠤᠤᠯ ᠬᠠᠷᠢᠭᠤᠴᠠᠯᠭᠠᠳᠠᠨ ᠡᠯ᠎ᠡ ᠬᠤᠪᠢᠶᠠᠷᠢ ᠬᠤᠷᠠᠯ ᠤᠨ ᠲᠠᠯᠠᠪᠠᠢ ᠳᠤ | ᠬᠤᠷᠠᠯ ᠳᠤ ᠣᠷᠣᠯᠴᠠᠵᠠᠢ᠃ |