ᠬᠦᠬᠡᠬᠤᠳᠠ — ᠤᠯᠠᠭᠠᠨᠴᠠᠪ ᠬᠦᠷᠬᠦ ᠠᠭᠠᠷ ᠤᠨ ᠠᠶᠠᠯᠠᠯ ᠪᠠ ᠲᠡᠮᠦᠷ ᠵᠠᠮ ᠤᠨ ᠬᠤᠯᠪᠤᠭᠠᠯᠠᠬᠰᠠᠨ ᠵᠦᠬᠡᠬᠡᠪᠦᠷᠢ ᠶᠢᠨ ᠲᠦᠬᠦᠬᠡᠷᠦᠮᠵᠢ ᠶᠢ ᠤᠬᠰᠠᠷᠠᠵᠦ ᠲᠤᠬᠢᠷᠠᠭᠤᠯᠤᠨ ᠲᠤᠷᠰᠢᠬᠤ ᠠᠵᠢᠯ ᠡᠬᠢᠯᠡᠪᠡ
ᠨᠡᠶᠢᠲᠡᠯᠡᠭᠰᠡᠨ ᠴᠠᠭ᠄
2019-12-19
     ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠬᠠᠢ ᠴᠢᠤᠧᠠᠨ︶ ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠲᠦᠷᠦᠬᠦᠬᠡᠨ ᠬᠦᠬᠡᠬᠤᠳᠠ — ᠤᠯᠠᠭᠠᠨᠴᠠᠪ ᠬᠦᠷᠬᠦ ᠠᠭᠠᠷᠤᠨ ᠠᠶᠠᠯᠠᠯ ᠪᠠ ᠲᠡᠮᠦᠷ ᠵᠠᠮ ᠤᠨ ᠬᠤᠯᠪᠣᠭᠠᠯᠠᠭᠰᠠᠨ ᠵᠥᠭᠡᠭᠡᠪᠦᠷᠢ ᠶᠢᠨ ᠬᠠᠮᠢᠶ᠎ᠠ ᠪᠦᠬᠦᠢ ᠦᠢᠯᠡᠴᠢᠯᠡᠭᠡᠨ ᠤ ᠲᠥᠬᠦᠭᠡᠷᠦᠮᠵᠢ ᠶᠢ ᠤᠭᠰᠠᠷᠠᠵᠤ ᠲᠤᠬᠢᠷᠠᠭᠤᠯᠤᠨ ᠲᠤᠷᠰᠢᠬᠤ ᠠᠵᠢᠯ ᠢ ᠡᠬᠢᠯᠡᠭᠦᠯᠦᠭᠰᠡᠨ ᠪᠠᠶᠢᠨ᠎ᠠ᠃      ᠡᠨᠡ ᠬᠦ ᠲᠦᠷᠦᠯ ᠵᠦᠢᠯ ᠨᠢ ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠦᠬᠡᠬᠤᠳᠠ ᠶᠢᠨ ᠭᠠᠯᠳᠤ ᠲᠡᠷᠬᠡᠨ ᠤ ᠵᠡᠬᠦᠨ ᠦᠷᠳᠡᠭᠡ ᠲᠠᠢ ᠠᠭᠠᠷ ᠤᠨ ᠠᠶᠠᠯᠠᠯ ᠪᠠ ᠲᠡᠮᠦᠷ ᠵᠠᠮ  ᠤᠨ ᠬᠤᠯᠪᠤᠭᠠᠯᠠᠬᠰᠠᠨ ᠵᠦᠬᠡᠬᠡᠪᠦᠷᠢ ᠶᠢ ᠬᠡᠷᠡᠭᠵᠢᠬᠦᠯᠦᠭᠰᠡᠨ ᠤ ᠲᠠᠷᠠᠭᠠᠬᠢ ᠪᠠᠰᠠ ᠨᠢᠬᠡ ᠠᠭᠠᠷ ᠤᠨ ᠠᠶᠠᠯᠠᠯ ᠪᠠ ᠲᠡᠮᠦᠷ ᠵᠠᠮ ᠤᠨ ᠬᠤᠯᠪᠤᠭᠠᠯᠠᠬᠰᠠᠨ ᠵᠦᠬᠡᠬᠡᠪᠦᠷᠢ ᠶᠢᠨ ᠲᠦᠷᠦᠯ ᠵᠦᠢᠯ ᠪᠣᠯᠣᠨ᠎ᠠ᠃ ᠤᠳᠤᠬᠠᠨ ᠳᠤ᠂ ᠲᠤᠰ ᠨᠢᠰᠬᠡᠯ ᠤᠨ ᠪᠠᠭᠤᠳᠠᠯ ᠨᠢ ᠬᠦᠬᠡᠬᠤᠳᠠ ᠶᠢᠨ ᠭᠠᠯᠳᠤ ᠲᠡᠷᠬᠡᠨ ᠤ ᠵᠡᠬᠦᠨ ᠦᠷᠳᠡᠭᠡ ᠲᠠᠢ ᠠᠭᠠᠷ ᠤᠨ ᠠᠶᠠᠯᠠᠯ ᠪᠠ ᠲᠡᠮᠦᠷ ᠵᠠᠮ ᠤᠨ ᠬᠤᠯᠪᠤᠭᠠᠯᠠᠬᠰᠠᠨ ᠵᠦᠬᠡᠬᠡᠪᠦᠷᠢ ᠶᠢᠨ ᠲᠦᠬᠦᠮ ᠲᠦᠳᠡ ᠦᠢᠯᠡᠴᠢᠯᠡᠭᠡ ᠭᠠᠷᠭᠠᠵᠦ᠂ ᠲᠤᠰᠬᠠᠢ ᠠᠶᠠᠨᠴᠢᠨ ᠤ ᠮᠠᠰᠢᠨ ᠲᠡᠷᠬᠡ᠂ ᠨᠢᠰᠬᠡᠯ ᠬᠦᠯᠢᠶᠡᠬᠦ ᠭᠠᠵᠠᠷ ᠵᠢᠴᠢ ᠠᠶᠤᠯᠬᠦᠢ ᠶᠢᠨ ᠪᠠᠶᠢᠴᠠᠭᠠᠯᠳᠠ ᠬᠢᠬᠦ ᠵᠠᠮ ᠲᠤᠬᠢᠷᠠᠭᠤᠯᠬᠤ ᠶᠢᠨ ᠬᠠᠮᠳᠤ᠂ ᠬᠤᠨᠤᠬ ᠦᠩᠬᠡᠷᠡᠬᠦ ᠴᠢᠬᠤᠯᠠᠳᠠᠢ ᠨᠢᠰᠬᠡᠯ ᠰᠤᠯᠢᠬᠤ ᠠᠶᠠᠨᠴᠢᠳ ᠲᠤ ᠬᠠᠷᠠᠮᠵᠢ ᠦᠬᠡᠢ ᠪᠠᠭᠤᠳᠠᠯ ᠬᠠᠩᠭᠠᠬᠤ ᠵᠡᠷᠬᠡ ᠦᠢᠯᠡᠴᠢᠯᠡᠭᠡ ᠬᠠᠩᠭᠠᠵᠦ ᠪᠠᠶᠢᠨ᠎ᠠ᠃ ᠬᠦᠬᠡᠬᠤᠳᠠ — ᠤᠯᠠᠭᠠᠨᠴᠠᠪ ᠬᠦᠷᠬᠦ ᠠᠭᠠᠷ ᠤᠨ ᠠᠶᠠᠯᠠᠯ ᠪᠠ ᠲᠡᠮᠦᠷ ᠵᠠᠮ ᠤᠨ ᠬᠤᠯᠪᠤᠭᠠᠯᠠᠬᠰᠠᠨ ᠵᠦᠬᠡᠬᠡᠪᠦᠷᠢ ᠶᠢᠨ ᠲᠦᠷᠦᠯ ᠵᠦᠢᠯ ᠢ  ᠪᠦᠲᠦᠬᠡᠨ ᠪᠠᠶᠢᠭᠤᠯᠵᠦ ᠠᠰᠢᠬᠯᠠᠯᠳᠠ ᠳᠤ ᠤᠷᠤᠭᠤᠯᠤᠬᠰᠠᠨ ᠤ ᠳᠠᠷᠠᠭ᠎ᠠ᠂ ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ  ᠤᠨ ᠨᠢᠰᠬᠡᠯ ᠤᠨ ᠪᠠᠭᠤᠳᠠᠯ — ᠬᠦᠬᠡᠬᠤᠳᠠ ᠶᠢᠨ ᠭᠠᠯᠳᠤ ᠲᠡᠷᠬᠡᠨ ᠤ ᠵᠡᠬᠦᠨ ᠦᠷᠳᠡᠭᠡ — ᠤᠯᠠᠭᠠᠨᠴᠠᠪ ᠤᠨ ᠭᠠᠯᠳᠤ ᠲᠡᠷᠬᠡᠨ ᠤ ᠵᠡᠬᠦᠨ ᠦᠷᠳᠡᠭᠡ — ᠤᠯᠠᠭᠠᠨᠴᠠᠪ ᠨᠢᠰᠬᠡᠯ ᠤᠨ ᠪᠠᠭᠤᠳᠠᠯ ᠬᠦᠷᠬᠦ ᠪᠤᠰᠤᠭᠠᠯᠵᠢᠨ ᠵᠠᠮ ᠬᠠᠷᠢᠯᠴᠠᠭᠠᠨ ᠤ ᠵᠦᠬᠡᠬᠡᠪᠦᠷᠢ ᠶᠢᠨ ᠵᠣᠯᠭᠠᠯᠴᠠᠭ᠎ᠠ ᠶᠢ ᠪᠡᠶᠡᠯᠡᠬᠦᠯᠬᠦ ᠶᠢᠨ ᠤᠯᠠᠮ ᠢᠶᠠᠷ᠂ ᠭᠠᠯᠳᠤ ᠲᠡᠷᠬᠡᠨ ᠤ ᠦᠷᠳᠡᠭᠡ  ᠳᠤ ᠨᠢᠰᠬᠡᠯ ᠳᠤ ᠰᠠᠭᠤᠬᠤ ᠭᠠᠷᠳᠠᠮ ᠢ ᠬᠦᠢᠴᠡᠳᠬᠡᠵᠤ ᠲᠡᠶᠢᠯᠬᠦ ᠪᠤᠯᠵᠦ᠂ ᠭᠤᠤᠯ ᠱᠤᠭᠤᠮ ᠤᠨ ᠨᠢᠰᠬᠡᠯ ᠤᠨ ᠪᠠᠭᠤᠳᠠᠯ᠂ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ᠂ ᠭᠠᠯᠳᠤ ᠲᠡᠷᠬᠡᠨ ᠤ  ᠦᠷᠳᠡᠭᠡ ᠶᠢᠨ ᠬᠤᠭᠤᠷᠤᠨᠳᠤ ᠪᠠᠨ ᠬᠤᠯᠪᠤᠯᠳᠤᠨ ᠨᠡᠪᠲᠡᠷᠡᠯᠴᠡᠬᠦ ᠶᠢ ᠪᠡᠶᠡᠯᠡᠬᠦᠯᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号