ᠰᠤᠷᠭᠠᠠ ᠬᠦᠮᠦᠵᠢᠯ ᠤᠨ ᠶᠠᠮᠤᠨ᠄ ᠪᠠᠭᠰᠢ ᠶᠢᠨ ᠶᠤᠰᠤ ᠳᠦᠷᠢᠮ ᠠᠴᠠ ᠬᠦᠨᠳᠤ ᠨᠤᠴᠢᠳᠠᠢ ᠵᠦᠷᠢᠴᠡᠭᠰᠡᠳ  ᠤᠨ ᠪᠠᠭᠰᠢᠯᠠᠬᠤ ᠶᠢ ᠨᠠᠰᠤᠨ ᠲᠤᠷᠰᠢᠲᠠ ᠴᠠᠭᠠᠵᠠᠯᠠᠨ᠎ᠠ
ᠨᠡᠶᠢᠲᠡᠯᠡᠭᠰᠡᠨ ᠴᠠᠭ᠄
2019-12-19
      ᠰᠢᠨᠬᠤᠸᠠ ᠬᠤᠷᠢᠶᠠᠨ ᠤ ᠪᠡᠭᠡᠵᠢᠩ ᠤᠨ 12 ᠰᠠᠷᠠᠶᠢᠨ 16 ᠤ ᠴᠠᠬᠢᠯᠭᠠᠠ ᠮᠡᠲᠡᠭᠡ ᠠᠴᠠ ︵ᠰᠤᠷᠪᠤᠯᠵᠢᠯᠠᠭᠴᠢ ᠬᠤ᠋ ᠬᠤᠤ︶ ᠰᠤᠷᠭᠠᠠ ᠬᠦᠮᠦᠵᠢᠯ ᠤᠨ ᠶᠠᠮᠤᠠ 16 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠡᠷᠬᠢᠯᠡᠵᠦ᠂ ᠰᠤᠷᠭᠠᠠ ᠬᠦᠮᠦᠵᠢᠯ ᠤᠨ ᠶᠠᠮᠤᠨ᠂ ᠲᠦᠪ ᠤᠨ ᠵᠤᠬᠢᠶᠠᠠ ᠪᠠᠶᠢᠭᠤᠯᠬᠤ ᠬᠡᠯᠲᠡᠰ᠂ ᠲᠦᠪ ᠤᠨ ᠤᠬᠠᠭᠤᠯᠬᠤ ᠬᠡᠯᠲᠡᠰ᠂ ᠤᠯᠤᠰ ᠤᠨ ᠬᠦᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠶᠠᠮᠤᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠰᠤᠶᠤᠯ ᠪᠠ ᠵᠢᠭᠤᠯᠴᠢᠯᠠᠯ ᠤᠨ ᠶᠠᠮᠤᠨ ᠵᠡᠷᠭᠡ ᠰᠠᠯᠠᠭ᠎ᠠ ᠮᠦᠴᠢᠷ ᠤᠨ ᠲᠦᠷᠦᠭᠦᠬᠡᠨ ᠬᠠᠮᠳᠤᠷᠠᠵᠤ ᠨᠡᠶᠢᠳᠡᠯᠡᠭᠰᠡᠨ ︽ᠰᠢᠨ᠎ᠡ ᠴᠠᠭ ᠦᠶ᠎ᠡ ᠶᠢᠨ ᠪᠠᠭᠰᠢ ᠶᠢᠨ ᠶᠤᠰᠤ ᠰᠤᠷᠲᠠᠬᠤᠨ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠠ ᠰᠠᠶᠢᠵᠢᠷᠠᠭᠤᠯᠬᠤ ᠲᠤᠬᠠᠢ ᠰᠠᠨᠠᠯ︾ ᠢ ᠲᠠᠨᠢᠯᠴᠠᠭᠤᠯᠪᠠ᠃ ᠡᠨᠡ ᠬᠦ ᠰᠠᠨᠠᠯ ᠨᠢ 2018 ᠣᠨ ᠳᠤ ᠨᠡᠶᠢᠳᠡᠯᠡᠭᠰᠡᠨ ᠶᠡᠭᠡ ᠲᠡᠭᠡᠲᠦ ᠰᠤᠷᠭᠠᠭᠤᠯᠢ᠂ ᠲᠤᠮᠲᠠᠲᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠪᠠᠭᠰᠢ ᠶᠢᠨ ᠲᠤᠬᠠᠢᠢᠯᠠᠭᠰᠠᠠ ᠠᠵᠢᠯ ᠤᠨ ᠦᠢᠯᠠ ᠠᠵᠢᠯᠯᠠᠭ᠎ᠠ ᠶᠢᠨ ᠠᠷᠪᠠᠠ ᠪᠠᠷᠢᠮᠵᠢᠶ᠎ᠠ ᠲᠠᠢ ᠨᠡᠶᠢᠯᠡᠭᠡᠳ᠂ ᠰᠢᠨ᠎ᠡ ᠴᠠᠭ ᠦᠶ᠎ᠡ  ᠶᠢᠨ ᠪᠠᠭᠰᠢ ᠶᠢᠨ ᠶᠣᠰᠣ ᠰᠤᠷᠲᠠᠬᠤᠨ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠪᠦᠷᠢᠨ ᠳᠦᠬᠦᠷ ᠲᠦᠷᠢᠮ  ᠤᠨ ᠰᠢᠰᠲ᠋ᠧᠮ ᠢ ᠪᠦᠷᠢᠯᠳᠦᠭᠦᠯᠦᠭᠰᠡᠨ ᠪᠠᠶᠢᠨ᠎ᠠ᠃      ᠰᠤᠷᠭᠠᠠ ᠬᠦᠮᠦᠵᠢᠯ ᠤᠨ ᠶᠠᠮᠤᠨ ᠤ ᠪᠠᠭᠰᠢ ᠶᠢᠨ ᠠᠵᠢᠯ ᠤᠨ ᠵᠤᠷᠭᠠᠨ ᠤ ᠳᠠᠷᠤᠭ᠎ᠠ ᠷᠸᠠ ᠶᠢᠤ ᠴᠢᠶᠦ᠋ᠨ᠂ ᠶᠤᠰᠤ ᠰᠤᠷᠲᠠᠬᠤᠨ ᠢᠶᠠᠷ ᠬᠥᠮᠥᠨ ᠢ ᠬᠦᠮᠦᠵᠢᠭᠦᠯᠬᠦ ᠦᠷ᠎ᠡ ᠪᠦᠲᠦᠮᠵᠢ ᠶᠢ ᠰᠤᠷᠭᠠᠭᠤᠯᠢ ᠶᠢᠨ ᠠᠯᠢᠪᠠᠠᠵᠢᠯ ᠢ ᠰᠢᠯᠭᠠᠬᠤ ᠦᠨᠲᠦᠰᠦᠨ ᠪᠠᠷᠢᠮᠵᠢᠶ᠎ᠠ ᠪᠤᠯᠭᠠᠵᠦ᠂ ᠪᠠᠭᠰᠢ ᠶᠢᠨ ᠶᠤᠰᠤ ᠰᠤᠷᠲᠠᠬᠤᠨ ᠪᠠᠭᠰᠢ ᠶᠢᠨ ᠰᠤᠷᠲᠠᠯ ᠢ ᠪᠠᠭᠰᠢ ᠶᠢᠨ ᠡᠩᠨᠡᠭᠡ ᠶᠢᠨ ᠬᠡᠪ ᠴᠢᠨᠠᠷ ᠢ ᠦᠨᠡᠯᠡᠬᠦ ᠨᠢᠭᠡᠳᠦᠭᠡᠷ ᠪᠠᠷᠢᠮᠵᠢᠶ᠎ᠠ ᠪᠣᠯᠭᠠᠬᠤ ᠬᠡᠷᠡᠭᠲᠡᠢ᠃ ᠰᠢᠨ᠎ᠡ  ᠪᠠᠶᠢᠲᠠᠯ ᠲᠤᠤᠷᠠᠬᠢ ᠪᠠᠭᠰᠢ ᠶᠢᠨ ᠶᠣᠰᠣ ᠰᠤᠷᠲᠠᠬᠤᠨ ᠪᠠᠭᠰᠢ ᠶᠢᠨ ᠰᠤᠷᠲᠠᠯ ᠤᠨ ᠲᠠᠯ᠎ᠠ ᠪᠠᠷ ᠤᠷᠤᠰᠢᠵᠦ ᠪᠠᠶᠢᠭ᠎ᠠ ᠰᠢᠨ᠎ᠡ ᠠᠰᠠᠭᠤᠲᠠᠯ ᠳᠤ ᠴᠢᠭᠯᠡᠭᠦᠯᠵᠦ᠂ ᠶᠡᠷᠦᠩᠭᠡᠶᠢᠯᠡᠭᠰᠡᠨ ᠠᠷᠭ᠎ᠠ ᠬᠡᠮᠵᠢᠶ᠎ᠡ ᠬᠡᠷᠡᠭᠵᠢᠭᠦᠯᠦᠨ᠂ ᠲᠤᠰᠬᠠᠢ ᠵᠠᠰᠠᠯᠳᠠ ᠬᠢᠬᠦ ᠶᠢ ᠪᠠᠷᠢᠮᠳᠠᠯᠠᠵᠤ᠂ ᠪᠠᠭᠰᠢ ᠶᠢᠨ ᠶᠤᠰᠤ ᠳᠦᠷᠢᠮ ᠠᠴᠠ ᠵᠦᠷᠢᠴᠡᠬᠦ ᠦᠢᠯᠠ ᠠᠵᠢᠯᠯᠠᠭ᠎ᠠ ᠶᠢ ᠴᠤᠬᠤᠢᠢᠵᠦ ᠪᠠᠶᠢᠭ᠎ᠠ ᠦᠶ᠎ᠡ ᠳᠤᠨᠢ ᠤᠰᠠᠳᠬᠠᠬᠤ ᠭᠡᠷᠡᠭᠲᠡᠢ᠃ ᠤᠨᠴᠠ ᠵᠠᠷᠢᠮ ᠪᠠᠭᠰᠢ ᠮᠦᠨ ᠬᠦ ᠠᠶᠤᠮᠰᠢᠭ ᠦᠭᠡᠢ ᠪᠠᠷ ᠰᠠᠬᠢᠯᠭ᠎ᠠ ᠪᠠᠲᠤ ᠠᠴᠠ ᠵᠦᠷᠢᠴᠡᠵᠤ ᠪᠠᠶᠢᠭ᠎ᠠ ᠪᠤᠲᠠᠲᠤ ᠪᠠᠶᠢᠲᠠᠯ ᠳᠤ ᠠᠩᠬᠠᠷᠤᠯ ᠢᠶᠠᠨ ᠬᠠᠨᠳᠤᠭᠤᠯᠤᠨ᠂ ᠴᠢᠩᠭ᠎ᠠ ᠬᠢᠨᠠᠯᠲᠠ ᠲᠠᠯᠪᠢᠨ ᠰᠢᠯᠭᠠᠠ ᠪᠠᠶᠢᠴᠠᠭᠠᠬᠤ ᠪᠠᠷ ᠲᠠᠮᠵᠢᠨ ᠬᠢᠵᠠᠭᠠᠷᠯᠠᠵᠤ᠂ ᠲᠦᠪ ᠴᠢᠩᠭ᠎ᠠ ᠰᠢᠢᠳᠪᠦᠷᠢᠯᠡᠬᠦ ᠠᠷᠭ᠎ᠠ ᠪᠠᠷ ᠡᠷᠡᠰ ᠵᠠᠯᠬᠠᠭᠠᠨ ᠰᠢᠢᠳᠭᠡᠵᠦ᠂ ᠶᠤᠰᠤ ᠳᠦᠷᠢᠮ ᠠᠴᠠ ᠬᠦᠨᠲᠦ ᠨᠤᠴᠢᠲᠠᠢ ᠵᠦᠷᠢᠴᠡᠭᠰᠡᠳ ᠤᠨ ᠪᠠᠭᠰᠢᠯᠠᠬᠤ ᠶᠢ ᠨᠠᠰᠤᠨ ᠲᠤᠷᠰᠢᠲᠠ ᠴᠠᠭᠠᠵᠠᠯᠠᠵᠦ᠂ ᠦᠨᠡᠡ ᠬᠦ ᠰᠡᠷᠡᠮᠵᠢᠯᠡᠭᠦᠯᠦᠨ ᠰᠦᠷᠳᠡᠭᠦᠯᠬᠦ ᠦᠢᠯᠡᠳᠦᠯ ᠦᠵᠡᠭᠦᠯᠬᠦ ᠬᠡᠷᠡᠭᠲᠡᠢ ᠭᠡᠵᠦ ᠢᠯᠡᠳᠬᠡᠪᠡ᠃      ᠷᠸᠠ ᠶᠢᠤ ᠴᠢᠶᠦ᠋ᠨ᠂ ᠪᠠᠭᠰᠢ ᠶᠢᠨ ᠶᠣᠰᠣ ᠰᠤᠷᠲᠠᠬᠤᠨ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠪᠠᠭᠰᠢ ᠶᠢᠨ ᠬᠢᠷᠢ ᠬᠡᠮ ᠢ ᠨᠤᠲᠠᠯᠠᠠ ᠲᠤᠭᠲᠠᠭᠠᠬᠤ᠂ ᠤᠷᠢᠵᠦ ᠬᠡᠷᠡᠭᠯᠡᠬᠦ᠂ ᠡᠲᠦᠷ ᠲᠣᠲᠤᠮ ᠤᠨ ᠰᠢᠯᠭᠠᠠ ᠪᠠᠶᠢᠴᠠᠭᠠᠯᠳᠠ᠂ ᠲᠤᠬᠠᠢᠢᠯᠠᠭᠰᠠᠠ ᠠᠵᠢᠯ ᠤᠨ ᠮᠡᠷᠭᠡᠵᠢᠯ ᠤᠨ ᠴᠣᠯᠠ ᠬᠢᠨᠠᠨ ᠲᠤᠭᠲᠠᠭᠠᠬᠤ᠂ ᠰᠢᠯᠢᠲᠡᠭ ᠢᠶᠠᠷ ᠲᠠᠨᠢᠯᠴᠠᠭᠤᠯᠵᠦ ᠲᠡᠷᠢᠭᠦᠨ ᠤ ᠬᠢ ᠪᠠᠷ ᠳᠡᠪᠰᠢᠭᠦᠯᠬᠦ᠂ ᠬᠦᠬᠢᠭᠦᠯᠦᠨ ᠱᠠᠩᠨᠠᠬᠤ᠂ ᠰᠢᠨᠵᠢᠯᠡᠬᠦ ᠤᠬᠠᠭᠠᠨ ᠤ ᠰᠤᠲᠤᠯᠭᠠᠠ ᠪᠠ ᠴᠢᠳᠠᠪᠤᠷᠢᠲᠠᠨ ᠤ ᠲᠦᠷᠦᠯ ᠵᠦᠢᠯ ᠢ ᠡᠷᠡᠮᠡᠯᠵᠡᠯᠡᠬᠦ ᠵᠡᠷᠭᠡ ᠡᠯ᠎ᠡ ᠲᠠᠯ᠎ᠠ ᠳᠤ ᠠᠭᠤᠰᠤᠯᠴᠠᠭᠤᠯᠬᠤ ᠬᠡᠷᠡᠭᠲᠡᠢ ᠭᠡᠵᠦ ᠬᠡᠯᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号