11 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠤᠨ ᠵᠠᠰᠠᠭ ᠤᠨ | ᠶᠠᠪᠤᠳᠠᠯ ᠢ ᠢᠯᠡ ᠪᠣᠯᠭᠠᠬᠤ ᠠᠯᠪᠠᠨ ᠭᠡᠷ ᠵᠠᠰᠠᠭ ᠤᠨ ᠣᠷᠳᠣᠨ ᠤ ᠵᠡᠭᠦᠨ ᠬᠠᠷᠢᠶᠠᠲᠤ ᠠᠰᠠᠷ ᠤᠨ ᠬᠤᠶᠠᠳᠤᠭᠠᠷ | ᠳᠠᠪᠬᠤᠷᠯᠢᠭ ᠤᠨ ᠬᠤᠷᠠᠯ ᠤᠨ ᠭᠡᠷ ᠲᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠯ ᠶᠣᠰᠣᠭᠠᠷ ᠢᠯᠡ | ᠪᠣᠯᠭᠠᠬᠤ ᠤᠴᠢᠷ ᠶᠠᠪᠤᠳᠠᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠲᠣᠬᠢᠷᠠᠭᠤᠯᠤᠯᠲᠠ ᠶᠢᠨ | ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠤᠷᠠᠯ ᠢ ᠰᠢᠨ᠎ᠡ ᠬᠤᠲᠠ ᠲᠣᠭᠤᠷᠢᠭ ᠤᠨ ᠵᠠᠰᠠᠭ ᠤᠨ | ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠯᠢᠦ ᠰᠢᠩ ᠱᠤᠸᠠᠩ ᠡᠷᠬᠢᠯᠡᠵᠦ᠂ ᠵᠠᠰᠠᠭ ᠤᠨ ᠶᠠᠪᠤᠳᠠᠯ ᠢ ᠢᠯᠡ | ᠪᠣᠯᠭᠠᠬᠤ ᠠᠯᠪᠠᠨ ᠭᠡᠷ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠲᠠᠪᠤᠷᠢᠯᠠᠬᠤ ᠠᠯᠪᠠᠨ ᠭᠡᠷ᠂ ᠴᠢᠩᠭᠢᠰ ᠬᠠᠭᠠᠨ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠠᠤᠯᠢ | ᠴᠠᠭᠠᠵᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | | | | ᠲᠣᠰ ᠤᠳᠠᠭᠠᠨ ᠤ ᠬᠤᠷᠠᠯ ᠨᠢ ᠭᠤᠤᠯᠳᠠᠭᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠭᠰᠠᠨ | ᠲᠤᠬᠠᠶ ᠶᠢᠨ ᠬᠥᠮᠦᠨ ᠤ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠲᠡᠭᠦᠨ ᠤ ᠭᠤᠶᠤᠴᠢᠯᠠᠭᠰᠠᠨ ᠤᠴᠢᠷ ᠶᠠᠪᠤᠳᠠᠯ ᠤᠨ ᠳᠤᠮᠳᠠ ᠬᠤᠯᠪᠣᠭᠳᠠᠭᠰᠠᠨ ᠲᠤᠰᠬᠠᠶ | ᠮᠡᠷᠭᠡᠵᠢᠯ ᠤᠨ ᠴᠢᠨᠠᠷᠲᠠᠶ ᠠᠰᠠᠭᠤᠳᠠᠯ ᠤᠨ ᠲᠤᠬᠠᠶ ᠶᠠᠷᠢᠯᠴᠠᠭ᠎ᠠ ᠦᠷᠨᠢᠭᠦᠯᠪᠡ᠃ ᠬᠤᠷᠠᠯ ᠳᠡᠭᠡᠷ᠎ᠡ᠂ ᠪᠣᠳᠠᠲᠠᠶ | ᠭᠦᠢᠴᠡᠳᠭᠡᠬᠦ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠬᠤᠯᠪᠣᠭᠳᠠᠭᠰᠠᠨ ᠠᠰᠠᠭᠤᠳᠠᠯ ᠳᠤ ᠬᠤᠯᠪᠣᠭᠳᠠᠯ | ᠪᠦᠬᠦᠢ ᠰᠠᠨᠠᠭᠤᠯᠭ᠎ᠠ ᠳᠤᠷᠠᠳᠬᠤ ᠶᠢᠨ ᠬᠠᠮᠲᠤ ᠲᠥᠪᠯᠡᠷᠡᠭᠦᠯᠦᠨ ᠶᠠᠷᠢᠯᠴᠠᠪᠠ᠃ | | | | | | ᠬᠤᠷᠠᠯ ᠳᠡᠭᠡᠷ᠎ᠡ᠂ ᠰᠢᠨ᠎ᠡ ᠬᠤᠲᠠ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠠᠵᠢᠯᠲᠠᠨ ᠪᠠ | ᠬᠠᠤᠯᠢᠴᠢ ᠲᠤᠰᠬᠠᠶ ᠮᠡᠷᠭᠡᠵᠢᠯ ᠤᠨ ᠲᠠᠯ᠎ᠠ ᠠᠴᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠳᠤᠮᠳᠠ ᠬᠤᠯᠪᠣᠭᠳᠠᠭᠰᠠᠨ ᠭᠤᠶᠤᠴᠢᠯᠠᠯ ᠤᠨ ᠠᠵᠢᠯ ᠳᠤ ᠲᠠᠶᠢᠯᠤᠮᠵᠢ ᠬᠢᠪᠡ᠃ |