2019 ᠣᠨ ᠤ ᠳᠡᠯᠡᠬᠡᠢ ᠶᠢᠨ ᠠᠳᠤᠭᠤᠨ ᠰᠣᠶᠣᠯ ᠤᠨ ᠶᠠᠷᠢᠶᠠᠨ ᠤ ᠲᠠᠪᠴᠠᠩ ᠬᠥᠬᠡᠬᠤᠲᠠ ᠳᠤ ᠥᠨᠳᠥᠷᠯᠡᠪᠡ  ᠷᠧᠨ ᠶᠠ ᠫᠢᠩ ᠣᠷᠣᠯᠴᠠᠪᠠ
ᠨᠡᠶᠢᠲᠡᠯᠡᠭᠰᠡᠨ ᠴᠠᠭ᠄
2019-12-02
      3 ᠡᠳᠦᠷ ᠤᠨ ᠬᠤᠭᠤᠴᠠᠭ᠎ᠠ ᠲᠠᠢ ᠶᠠᠪᠤᠭᠳᠠᠭᠰᠠᠨ 2019 ᠣᠨ ᠤ ᠳᠡᠯᠡᠬᠡᠢ ᠶᠢᠨ ᠠᠳᠤᠭᠤᠨ ᠰᠣᠶᠣᠯ ᠤᠨ ᠶᠠᠷᠢᠶᠠᠨ ᠤ ᠲᠠᠪᠴᠠᠩ 12 ᠳ᠋ᠤᠭᠠᠷ ᠰᠠᠷ᠎ᠠ ᠶᠢᠨ 1 ᠤ ᠡᠳᠦᠷ ᠬᠥᠬᠡᠬᠤᠲᠠ ᠳᠤ ᠥᠨᠳᠥᠷᠯᠡᠪᠡ᠃ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠬᠥᠮᠥᠨ ᠠᠮᠠ ᠡᠬᠢ ᠪᠠᠶᠠᠯᠢᠭ ᠣᠷᠴᠢᠨ ᠲᠣᠭᠤᠷᠢᠨ ᠤ ᠵᠥᠪᠯᠡᠯ ᠤᠨ ᠳᠡᠳ᠋ ᠡᠷᠬᠢᠯᠡᠭᠴᠢ  ᠷᠧᠨ ᠶᠠ ᠫᠢᠩ᠂ 2019 ᠣᠨ ᠤ ᠳᠡᠯᠡᠬᠡᠢ ᠶᠢᠨ ᠠᠳᠤᠭᠤᠨ ᠰᠣᠶᠣᠯ ᠤᠨ ᠶᠠᠷᠢᠶᠠᠨ ᠤ ᠲᠠᠪᠴᠠᠩ ᠤᠨ ᠲᠡᠷᠢᠭᠦᠯᠡᠭᠴᠢ᠂ ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ ᠤᠨ ᠳᠠᠷᠤᠭ᠎ᠠ ᠵᠢᠶᠠ ᠶᠢᠦ ᠯᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠲᠡᠭᠦᠰᠬᠦ ᠶᠣᠰᠣᠯᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠪᠠᠢ ᠢᠦᠢ ᠭᠠᠩ ᠣᠷᠣᠯᠴᠠᠭᠰᠠᠨ ᠮᠥᠷᠲᠡᠭᠡᠨ ᠳ᠋ᠦᠩᠨᠡᠯᠲᠡ ᠶᠢᠨ ᠶᠠᠷᠢᠶ᠎ᠠ ᠲᠠᠯᠪᠢᠪᠠ᠃      ᠪᠠᠢ ᠢᠦᠢ ᠭᠠᠩ ᠬᠡᠯᠡᠬᠦ ᠳᠡᠭᠡᠨ᠂ ᠡᠨᠡ ᠤᠳᠠᠭᠠᠨ ᠤ ᠶᠠᠷᠢᠶᠠᠨ ᠤ ᠲᠠᠪᠴᠠᠩ ᠳᠤ 30 ᠤᠯᠤᠰ᠂ 8 ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ 330 ᠭᠠᠷᠤᠢ ᠲᠥᠯᠥᠭᠡᠯᠡᠭᠴᠢᠳ ᠢ  ᠤᠷᠢᠵᠤ᠂ ᠬᠤᠷᠠᠯ ᠳᠤ ᠰᠠᠭᠠᠲᠠᠭᠰᠠᠨ ᠵᠣᠴᠢᠳ ᠲᠠᠢ ︽ᠳᠤᠮᠳᠠᠳᠤ ᠤᠯᠤᠰ ᠤᠨ ᠠᠳᠤᠭᠤᠨ ᠤ ᠰᠣᠶᠣᠯ ᠪᠣᠯᠣᠨ ᠳᠡᠯᠡᠬᠡᠢ ᠶᠢᠨ ᠠᠳᠤᠭᠤᠨ ᠰᠤᠶᠤᠯ︾ ᠶᠠᠷᠢᠶᠠᠨ ᠤ ᠲᠠᠪᠴᠠᠩ ᠤᠨ ᠭᠤᠣᠯ ᠰᠡᠳᠦᠪ ᠪᠣᠯᠣᠨ 4 ᠬᠤᠪᠢᠶᠠᠷᠢ ᠶᠠᠷᠢᠶᠠᠨ ᠤ ᠲᠠᠪᠴᠠᠩ ᠤᠨ ᠭᠤᠣᠯ ᠰᠡᠳᠦᠪ ᠤᠨ ᠲᠣᠭᠤᠷᠢᠨ ᠳᠤ᠂ ᠠᠳᠤᠭᠤᠨ ᠰᠣᠶᠣᠯ᠂ ᠠᠳᠤᠭᠤᠨ ᠤ ᠰᠢᠨᠵᠢᠯᠡᠬᠦ ᠤᠬᠠᠭᠠᠨ᠂ ᠮᠣᠷᠢᠨ ᠤᠷᠤᠯᠳᠤᠭᠠᠨ᠂ ᠠᠳᠤᠭᠤᠨ ᠵᠢᠭᠤᠯᠴᠢᠯᠠᠯ᠂ ᠠᠳᠤᠭᠤᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠣᠯᠠᠨ ᠦᠨᠡᠨ ᠮᠡᠳᠡᠯᠭᠡ ᠨᠡᠪᠲᠡᠷᠬᠡᠢ ᠦᠵᠡᠯᠲᠡ ᠳᠤᠷᠠᠳᠪᠠ᠃ 2020 ᠣᠨ ᠳᠤ᠂ ᠥᠪᠥᠷ ᠮᠣᠩᠭᠤᠯ ᠠᠴᠠ ᠥᠪᠥᠷ ᠮᠣᠩᠭᠤᠯ ᠤᠨ ᠮᠣᠷᠢᠨ ᠤᠷᠤᠯᠳᠤᠭᠠᠨ ᠪᠠ ᠬᠤᠶᠠᠳᠤᠭᠠᠷ ᠬᠤᠭᠤᠴᠠᠭ᠎ᠠ ᠶᠢᠨ ᠥᠪᠥᠷ ᠮᠣᠩᠭᠤᠯ ᠤᠨ ᠣᠯᠠᠨ ᠤᠯᠤᠰ ᠤᠨ ᠠᠳᠤᠭᠤᠨ ᠰᠣᠶᠣᠯ ᠤᠨ ᠦᠵᠡᠰᠬᠦᠯᠡᠩ ᠢ ᠡᠷᠬᠢᠯᠡᠨ᠎ᠡ᠂ ᠵᠤᠴᠢᠳ ᠢ ᠥᠪᠥᠷ ᠮᠣᠩᠭᠤᠯ ᠳᠤ ᠳᠠᠬᠢᠨᠲᠠ  ᠢᠷᠡᠬᠦ ᠶᠢ ᠴᠢᠩ ᠰᠡᠳᠬᠢᠯ ᠠᠴᠠ ᠪᠠᠨ ᠤᠷᠢᠵᠤ᠂ ᠳᠡᠯᠡᠬᠡᠢ ᠶᠢᠨ ᠠᠳᠤᠭᠤᠨ ᠰᠣᠶᠣᠯ ᠤᠨ ᠬᠥᠭᠵᠢᠯᠲᠡ ᠂ ᠬᠥᠮᠥᠨ ᠲᠥᠷᠥᠯᠬᠢᠲᠡᠨ ᠤ ᠰᠠᠶᠢᠨ ᠰᠠᠶᠢᠬᠠᠨ ᠭᠡᠷ ᠣᠷᠣᠨ ᠢ ᠪᠦᠲᠦᠭᠡᠨ ᠪᠠᠶᠢᠭᠤᠯᠬᠤ ᠶᠢᠨ ᠲᠥᠯᠥᠭᠡ ᠬᠠᠮᠲᠤᠪᠠᠷ ᠴᠢᠷᠮᠠᠶᠢᠵᠠᠭᠠᠶ᠎ᠠ ᠭᠡᠵᠡᠢ᠃      ᠲᠡᠭᠦᠰᠬᠦ ᠶᠣᠰᠣᠯᠠᠯ ᠳᠡᠭᠡᠷ᠎ᠡ᠂ ᠶᠠᠷᠢᠶᠠᠨ ᠤ ᠲᠠᠪᠴᠠᠩ ᠤᠨ ᠵᠣᠬᠢᠶᠠᠨ ᠪᠠᠶᠢᠭᠤᠯᠬᠤ ᠵᠥᠪᠯᠡᠯ ᠠᠴᠠ ᠲᠦᠷᠺᠮᠧᠨ᠋ᠰᠲ᠋ᠠᠠ᠂ ᠹᠷᠠᠨᠼᠢ᠂ ᠺᠢᠷᠺᠢᠽᠰᠲ᠋ᠠᠠ ᠪᠣᠯᠤᠨ ᠣᠷᠣᠰ ᠤᠨ ᠲᠥᠯᠥᠭᠡᠯᠡᠭᠴᠢᠳ ᠲᠤ ᠠᠩᠬᠠᠨ ᠤ ᠪᠦᠯᠦᠭ ︽ᠳᠤᠮᠳᠠᠳᠤ ᠤᠯᠤᠰ · ᠥᠪᠥᠷ ᠮᠣᠩᠭᠤᠯ ᠤᠨ ᠠᠳᠤᠭᠤᠨ ᠰᠣᠶᠣᠯ ᠤᠨ ᠰᠣᠯᠢᠯᠴᠠᠭ᠎ᠠ ᠶᠢᠨ ᠨᠥᠬᠦᠷᠰᠡᠭ ᠡᠯᠴᠢ︾ ᠶᠢᠨ ᠤᠷᠢᠯᠭ᠎ᠠ ᠶᠢᠨ ᠪᠢᠴᠢᠭ ᠣᠯᠭᠤᠵᠤ᠂ ︽2019 ᠣᠨ ᠤ ᠳᠡᠯᠡᠬᠡᠶ ᠶᠢᠨ ᠠᠳᠤᠭᠤᠨ ᠰᠣᠶᠣᠯ ᠤᠨ ᠶᠠᠷᠢᠶᠠᠨ ᠤ ᠲᠠᠪᠴᠠᠩ ᠤᠨ ᠬᠥᠬᠡᠬᠤᠲᠠ ᠶᠢᠨ ᠲᠤᠩᠬᠠᠭ︾ ᠢ ᠨᠡᠶᠢᠲᠡᠯᠡᠵᠦ᠂ ᠬᠥᠬᠡᠬᠤᠲᠠ ᠳᠤ ᠪᠠᠰᠠ ︽ᠳᠡᠯᠡᠬᠡᠶ ᠶᠢᠨ ᠠᠳᠤᠭᠤᠨ ᠰᠣᠶᠣᠯ ᠤᠨ ᠬᠤᠲᠠ︾ ᠶᠢᠨ ᠫᠠᠶᠢᠰᠠ ᠣᠯᠭᠤᠵᠠᠢ᠃      ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠹᠧᠩ ᠢᠦᠶ ᠵᠧᠨ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠶᠢᠨ ᠫᠢᠩ ᠲᠡᠭᠦᠰᠬᠦ ᠶᠣᠰᠣᠯᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号