︵ᠰᠤᠷᠪᠤᠯᠵᠢᠯᠠᠭᠴᠢ ᠮᠢᠶᠥᠥ ᠰᠢᠨ ᠳᠠᠳᠤᠯᠭ᠎ᠠ ᠶᠢᠨ ᠰᠤᠷᠤᠭᠴᠢ ᠯᠢ ᠰᠢᠨ ᠷᠦᠩ︶ 11 ᠳ᠋ᠦ᠋ᠭᠡᠷ | ᠰᠠᠷ᠎ᠠ ᠶᠢᠨ 30 ᠤ ᠡᠳᠦᠷ᠂ ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ ᠤᠨ ᠮᠣᠩᠭᠤᠯ | ᠠᠳᠤᠭᠤᠨ ᠤ ᠬᠤᠪᠢᠶᠠᠷᠢ ᠨᠡᠶᠢᠭᠡᠮᠯᠢᠭ ᠪᠠᠶᠢᠭᠤᠯᠤᠭᠳᠠᠬᠤ ᠶᠡᠭᠡ ᠬᠤᠷᠠᠯ ᠮᠠᠨ ᠤ ᠬᠤᠲᠠ ᠳᠤ ᠶᠠᠪᠤᠭᠳᠠᠪᠠ᠃ ᠶᠡᠭᠡ | ᠬᠤᠷᠠᠯ ᠠᠴᠠ ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ ᠤᠨ ᠳᠠᠷᠤᠭ᠎ᠠ᠂ ᠤᠯᠤᠰ ᠤᠨ | ᠠᠩᠬᠠᠳᠠᠭᠴᠢ ᠠᠬᠠᠯᠠᠭᠴᠢ ᠮᠠᠯ ᠤᠨ ᠡᠮᠴᠢ ᠶᠢᠨ ᠳᠠᠷᠤᠭ᠎ᠠ ᠵᠢᠶᠠ ᠶᠢᠦ ᠯᠢᠩ ᠢ ᠮᠣᠩᠭᠤᠯ ᠠᠳᠤᠭᠤᠨ ᠤ ᠬᠤᠪᠢᠶᠠᠷᠢ | ᠨᠡᠶᠢᠭᠡᠮᠯᠢᠭ ᠤᠨ ᠳᠠᠷᠤᠭ᠎ᠠ ᠪᠠᠷ ᠤᠷᠢᠪᠠ᠃ | ᠬᠤᠷᠠᠯ ᠳᠡᠭᠡᠷ᠎ᠡ ᠪᠠᠰᠠ ᠮᠣᠩᠭᠤᠯ ᠠᠳᠤᠭᠤᠨ ᠤ ᠬᠤᠪᠢᠶᠠᠷᠢ ᠨᠡᠶᠢᠭᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ | ᠂ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ᠂ ᠨᠠᠷᠢᠨ ᠪᠢᠴᠢᠭ ᠤᠨ ᠳᠡᠳ᠋ ᠳᠠᠷᠤᠭ᠎ᠠ ᠶᠢ ᠤᠷᠢᠨ ᠲᠣᠮᠢᠯᠠᠪᠠ᠃ | ᠤᠶᠢᠯᠠᠭᠠᠭᠰᠠᠨ ᠢᠶᠠᠷ᠂ ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ ᠤᠨ ᠮᠣᠩᠭᠤᠯ | ᠠᠳᠤᠭᠤᠨ ᠤ ᠬᠤᠪᠢᠶᠠᠷᠢ ᠨᠡᠶᠢᠭᠡᠮᠯᠢᠭ ᠨᠢ ᠬᠤᠶᠢᠰᠢᠳᠠ ᠶᠢᠨ ᠠᠵᠢᠯ ᠳᠤᠮᠳᠠ ᠪᠠᠨ᠂ ᠮᠣᠩᠭᠤᠯ ᠮᠣᠷᠢᠨ ᠤ ᠵᠣᠷᠢᠭ | ᠰᠠᠨᠠᠭ᠎ᠠ ᠶᠢ ᠦᠷᠭᠦᠯᠵᠢᠯᠡᠨ ᠶᠡᠬᠡᠪᠡᠷ ᠰᠤᠷᠲᠠᠯᠴᠢᠯᠠᠨ ᠪᠠᠳᠠᠷᠠᠭᠤᠯᠵᠤ᠂ ᠠᠳᠤᠭᠤᠨ ᠤ ᠦᠢᠯᠡᠰ ᠤᠨ ᠬᠥᠭᠵᠢᠯᠲᠡ ᠶᠢᠨ | ᠠᠬᠢᠴᠠ ᠶᠢ ᠲᠦᠷᠭᠡᠳᠬᠡᠨ ᠲᠦᠯᠬᠢᠨ ᠠᠬᠢᠭᠤᠯᠵᠤ᠂ ᠠᠳᠤᠭᠤᠨ ᠰᠣᠶᠣᠯ᠂ ᠠᠳᠤᠭᠤᠨ ᠤ ᠰᠢᠨᠵᠢᠯᠡᠬᠦ ᠤᠬᠠᠭᠠᠨ᠂ | ᠠᠳᠤᠭᠤᠨ ᠤ ᠦᠢᠯᠡᠰ ᠲᠤ ᠰᠠᠭᠤᠷᠢᠯᠠᠨ᠂ ᠮᠣᠩᠭᠤᠯ ᠠᠳᠤᠭᠤᠨ ᠤ ᠡᠬᠦᠯᠳᠡᠷ ᠤᠨ ᠬᠠᠮᠠᠭᠠᠯᠠᠯᠲᠠ ᠳᠤ ᠴᠢᠷᠮᠠᠶᠢᠵᠤ᠂ | ᠠᠳᠤᠭᠤᠨ ᠤ ᠰᠢᠨᠵᠢᠯᠡᠬᠦ ᠤᠬᠠᠭᠠᠨ ᠤ ᠰᠤᠳᠤᠯᠤᠯᠲᠠ᠂ ᠠᠳᠤᠭᠤᠨ ᠤ ᠦᠢᠯᠡᠰ ᠤᠨ ᠴᠢᠳᠠᠪᠤᠷᠢᠲᠠᠨ ᠢ ᠬᠥᠮᠥᠵᠢᠭᠦᠯᠬᠦ᠂ | ᠮᠣᠷᠢᠨ ᠤ ᠡᠪᠡᠰᠦ ᠪᠤᠷᠳᠤᠭ᠎ᠠ ᠪᠠ ᠦᠷᠡᠵᠢᠯᠲᠡ᠂ ᠮᠣᠷᠢᠨ ᠤ ᠲᠥᠷᠥᠯ ᠤᠨ ᠤᠷᠤᠯᠳᠤᠭᠠᠨ ᠪᠠ ᠲᠣᠭᠯᠠᠯᠲᠠ᠂ | ᠠᠳᠤᠭᠤᠨ ᠰᠣᠶᠣᠯ ᠪᠣᠯᠣᠨ ᠵᠢᠭᠤᠯᠴᠢᠯᠠᠯ ᠤᠨ ᠭᠦᠨ ᠠᠭᠤᠰᠤᠯᠴᠠᠯ᠂ ᠠᠳᠤᠭᠤᠨ ᠤ ᠦᠢᠯᠡᠰ ᠤᠨ ᠣᠨᠴᠠᠯᠢᠭᠲᠤ | ᠵᠢᠵᠢᠭ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠵᠤ᠂ ᠠᠳᠤᠭᠤᠨ ᠤ ᠦᠢᠯᠡᠰ ᠢ | ᠲᠠᠰᠤᠷᠠᠯᠲᠠ ᠦᠭᠡᠢ ᠪᠠᠷ ᠰᠢᠨᠵᠢᠯᠡᠬᠦ ᠤᠬᠠᠭᠠᠨᠴᠢ᠂ ᠲᠤᠰᠬᠠᠶᠢᠵᠢᠭᠰᠠᠨ᠂ ᠵᠢᠷᠤᠮᠵᠢᠭᠰᠠᠨ ᠬᠥᠭᠵᠢᠯᠲᠡ ᠳᠤ | ᠬᠥᠲᠥᠯᠥᠨ ᠵᠢᠯᠣᠭᠤᠳᠬᠤ ᠪᠣᠯᠣᠨ᠎ᠠ᠃ |