ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ ᠤᠨ ᠮᠣᠩᠭᠤᠯ ᠠᠳᠤᠭᠤᠨ ᠤ ᠬᠤᠪᠢᠶᠠᠷᠢ ᠨᠡᠶᠢᠭᠡᠮᠯᠢᠭ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2019/12/2
        ︵ᠰᠤᠷᠪᠤᠯᠵᠢᠯᠠᠭᠴᠢ ᠮᠢᠶᠥᠥ ᠰᠢᠨ  ᠳᠠᠳᠤᠯᠭ᠎ᠠ ᠶᠢᠨ ᠰᠤᠷᠤᠭᠴᠢ ᠯᠢ ᠰᠢᠨ ᠷᠦᠩ︶ 11 ᠳ᠋ᠦ᠋ᠭᠡᠷ ᠰᠠᠷ᠎ᠠ ᠶᠢᠨ 30 ᠤ ᠡᠳᠦᠷ᠂ ᠳᠤᠮᠳᠠᠳᠤ ᠤᠯᠤᠰ ᠤᠨ ᠠᠳᠤᠭᠤᠨ  ᠤ ᠦᠢᠯᠡᠰ ᠤᠨ ᠨᠡᠶᠢᠭᠡᠮᠯᠢᠭ ᠤᠨ ᠮᠣᠩᠭᠤᠯ ᠠᠳᠤᠭᠤᠨ ᠤ ᠬᠤᠪᠢᠶᠠᠷᠢ ᠨᠡᠶᠢᠭᠡᠮᠯᠢᠭ ᠪᠠᠶᠢᠭᠤᠯᠤᠭᠳᠠᠬᠤ ᠶᠡᠭᠡ ᠬᠤᠷᠠᠯ ᠮᠠᠨ ᠤ ᠬᠤᠲᠠ ᠳᠤ ᠶᠠᠪᠤᠭᠳᠠᠪᠠ᠃ ᠶᠡᠭᠡ ᠬᠤᠷᠠᠯ ᠠᠴᠠ ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ ᠤᠨ ᠳᠠᠷᠤᠭ᠎ᠠ᠂ ᠤᠯᠤᠰ ᠤᠨ ᠠᠩᠬᠠᠳᠠᠭᠴᠢ ᠠᠬᠠᠯᠠᠭᠴᠢ ᠮᠠᠯ ᠤᠨ ᠡᠮᠴᠢ ᠶᠢᠨ ᠳᠠᠷᠤᠭ᠎ᠠ ᠵᠢᠶᠠ ᠶᠢᠦ ᠯᠢᠩ ᠢ ᠮᠣᠩᠭᠤᠯ ᠠᠳᠤᠭᠤᠨ ᠤ ᠬᠤᠪᠢᠶᠠᠷᠢ ᠨᠡᠶᠢᠭᠡᠮᠯᠢᠭ ᠤᠨ ᠳᠠᠷᠤᠭ᠎ᠠ ᠪᠠᠷ ᠤᠷᠢᠪᠠ᠃       ᠬᠤᠷᠠᠯ ᠳᠡᠭᠡᠷ᠎ᠡ ᠪᠠᠰᠠ ᠮᠣᠩᠭᠤᠯ ᠠᠳᠤᠭᠤᠨ ᠤ ᠬᠤᠪᠢᠶᠠᠷᠢ ᠨᠡᠶᠢᠭᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ᠂ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ᠂ ᠨᠠᠷᠢᠨ ᠪᠢᠴᠢᠭ ᠤᠨ ᠳᠡᠳ᠋ ᠳᠠᠷᠤᠭ᠎ᠠ ᠶᠢ ᠤᠷᠢᠨ ᠲᠣᠮᠢᠯᠠᠪᠠ᠃       ᠤᠶᠢᠯᠠᠭᠠᠭᠰᠠᠨ ᠢᠶᠠᠷ᠂ ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ ᠤᠨ ᠮᠣᠩᠭᠤᠯ  ᠠᠳᠤᠭᠤᠨ ᠤ ᠬᠤᠪᠢᠶᠠᠷᠢ ᠨᠡᠶᠢᠭᠡᠮᠯᠢᠭ ᠨᠢ ᠬᠤᠶᠢᠰᠢᠳᠠ ᠶᠢᠨ ᠠᠵᠢᠯ ᠳᠤᠮᠳᠠ ᠪᠠᠨ᠂ ᠮᠣᠩᠭᠤᠯ  ᠮᠣᠷᠢᠨ ᠤ ᠵᠣᠷᠢᠭ ᠰᠠᠨᠠᠭ᠎ᠠ ᠶᠢ ᠦᠷᠭᠦᠯᠵᠢᠯᠡᠨ ᠶᠡᠬᠡᠪᠡᠷ ᠰᠤᠷᠲᠠᠯᠴᠢᠯᠠᠨ ᠪᠠᠳᠠᠷᠠᠭᠤᠯᠵᠤ᠂ ᠠᠳᠤᠭᠤᠨ ᠤ ᠦᠢᠯᠡᠰ ᠤᠨ ᠬᠥᠭᠵᠢᠯᠲᠡ ᠶᠢᠨ ᠠᠬᠢᠴᠠ ᠶᠢ ᠲᠦᠷᠭᠡᠳᠬᠡᠨ ᠲᠦᠯᠬᠢᠨ ᠠᠬᠢᠭᠤᠯᠵᠤ᠂ ᠠᠳᠤᠭᠤᠨ ᠰᠣᠶᠣᠯ᠂ ᠠᠳᠤᠭᠤᠨ ᠤ ᠰᠢᠨᠵᠢᠯᠡᠬᠦ ᠤᠬᠠᠭᠠᠨ᠂ ᠠᠳᠤᠭᠤᠨ ᠤ ᠦᠢᠯᠡᠰ ᠲᠤ ᠰᠠᠭᠤᠷᠢᠯᠠᠨ᠂ ᠮᠣᠩᠭᠤᠯ ᠠᠳᠤᠭᠤᠨ ᠤ ᠡᠬᠦᠯᠳᠡᠷ ᠤᠨ ᠬᠠᠮᠠᠭᠠᠯᠠᠯᠲᠠ ᠳᠤ ᠴᠢᠷᠮᠠᠶᠢᠵᠤ᠂ ᠠᠳᠤᠭᠤᠨ ᠤ ᠰᠢᠨᠵᠢᠯᠡᠬᠦ ᠤᠬᠠᠭᠠᠨ ᠤ ᠰᠤᠳᠤᠯᠤᠯᠲᠠ᠂ ᠠᠳᠤᠭᠤᠨ ᠤ ᠦᠢᠯᠡᠰ ᠤᠨ ᠴᠢᠳᠠᠪᠤᠷᠢᠲᠠᠨ ᠢ ᠬᠥᠮᠥᠵᠢᠭᠦᠯᠬᠦ᠂ ᠮᠣᠷᠢᠨ ᠤ  ᠡᠪᠡᠰᠦ ᠪᠤᠷᠳᠤᠭ᠎ᠠ ᠪᠠ ᠦᠷᠡᠵᠢᠯᠲᠡ᠂ ᠮᠣᠷᠢᠨ ᠤ ᠲᠥᠷᠥᠯ ᠤᠨ ᠤᠷᠤᠯᠳᠤᠭᠠᠨ ᠪᠠ ᠲᠣᠭᠯᠠᠯᠲᠠ᠂ ᠠᠳᠤᠭᠤᠨ ᠰᠣᠶᠣᠯ ᠪᠣᠯᠣᠨ ᠵᠢᠭᠤᠯᠴᠢᠯᠠᠯ ᠤᠨ ᠭᠦᠨ ᠠᠭᠤᠰᠤᠯᠴᠠᠯ᠂ ᠠᠳᠤᠭᠤᠨ ᠤ ᠦᠢᠯᠡᠰ ᠤᠨ ᠣᠨᠴᠠᠯᠢᠭᠲᠤ ᠵᠢᠵᠢᠭ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠵᠤ᠂ ᠠᠳᠤᠭᠤᠨ ᠤ ᠦᠢᠯᠡᠰ ᠢ ᠲᠠᠰᠤᠷᠠᠯᠲᠠ ᠦᠭᠡᠢ ᠪᠠᠷ ᠰᠢᠨᠵᠢᠯᠡᠬᠦ ᠤᠬᠠᠭᠠᠨᠴᠢ᠂ ᠲᠤᠰᠬᠠᠶᠢᠵᠢᠭᠰᠠᠨ᠂ ᠵᠢᠷᠤᠮᠵᠢᠭᠰᠠᠨ ᠬᠥᠭᠵᠢᠯᠲᠡ ᠳᠤ ᠬᠥᠲᠥᠯᠥᠨ ᠵᠢᠯᠣᠭᠤᠳᠬᠤ ᠪᠣᠯᠣᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ