ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠤᠨ ᠲᠡᠬᠡᠬᠡᠪᠦᠷᠢᠯᠡᠭᠰᠨᠨ ᠪᠠᠷᠠᠭᠠᠨ ᠤ ᠬᠡᠮᠵᠢᠶ᠎ᠡ 13.3% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2019-12-20
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠬᠠᠢ ᠴᠢᠤᠧᠠᠨ︶ ᠡᠨᠡ ᠵᠢᠯ ᠤᠨ ᠲᠦᠷᠦᠬᠦᠦ 11 ᠰᠠᠷ᠎ᠠ ᠳᠤ ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠨᠡᠶᠢᠳᠡ 4.05 ᠲᠦᠮᠡᠨ ᠲᠤᠨ ᠪᠠᠷᠠᠭ᠎ᠠ ᠲᠡᠬᠡᠬᠡᠪᠦᠷᠢᠯᠡᠵᠦ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ ᠪᠠᠨ 13.3% ᠪᠠᠷ ᠨᠡᠮᠡᠭᠳᠡᠵᠤ᠂ ᠡᠨᠡ ᠨᠢ ᠨᠢᠳᠤᠨᠤᠨ ᠤ ᠪᠦᠬᠦ ᠵᠢᠯ ᠳᠤ ᠲᠡᠬᠡᠬᠡᠪᠦᠷᠢᠯᠡᠭᠰᠡᠨ ᠪᠠᠷᠠᠭᠠᠨ ᠤ ᠬᠡᠮᠵᠢᠶ᠎ᠡ ᠠᠴᠠ 100 ᠲᠤᠨ ᠲᠠᠪᠠᠭᠰᠠᠨ ᠪᠠᠶᠢᠨ᠎ᠠ᠃      ᠨᠢᠰᠬᠡᠯ ᠢᠶᠠᠷ ᠪᠠᠷᠠᠭ᠎ᠠ ᠲᠡᠬᠡᠬᠡᠪᠦᠷᠢᠯᠡᠬᠦ ᠠᠵᠢᠯ ᠤᠨ ᠲᠠᠯ᠎ᠠ ᠪᠠᠷ ᠰᠠᠶᠢᠨ᠎ᠠ ᠲᠠᠪᠠᠯᠳᠠ ᠭᠠᠷᠭᠠᠬᠤ ᠪᠠᠷ ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠤᠨ ᠨᠢᠰᠬᠡᠯ ᠤᠨ ᠪᠠᠭᠤᠳᠠᠯ ᠤᠨ ᠦᠢᠯᠡᠴᠢᠯᠡᠬᠡᠨ ᠤ ᠬᠤᠪᠢᠶᠠᠷᠢ ᠺᠣᠮᠫᠠᠨᠢ ᠵᠠᠬ᠎ᠠ ᠳᠡᠯᠭᠡᠭᠦᠷ ᠤᠨ ᠪᠠᠷᠠᠭᠠᠨ ᠤ ᠢᠷᠡᠯᠳᠡ ᠪᠠᠨ ᠲᠠᠰᠤᠷᠠᠯᠳᠠ ᠦᠬᠡᠢ ᠦᠷᠬᠡᠳᠬᠡᠨ᠂ ᠵᠠᠬ᠎ᠠ ᠳᠡᠯᠭᠡᠭᠦᠷ ᠢ ᠨᠡᠬᠡᠬᠡᠬᠦ ᠬᠦᠴᠦᠯᠡᠴᠡ ᠪᠠᠨ ᠴᠢᠨᠠᠬᠰᠢᠳᠠ ᠨᠡᠮᠡᠭᠳᠡᠬᠦᠯᠵᠦ᠂ ︽ᠴᠢᠩ ᠰᠡᠳᠬᠢᠯ ᠢᠶᠠᠷ ᠦᠢᠯᠡᠴᠢᠯᠡᠬᠦ︾ ᠶᠢ ᠪᠠᠷᠢᠮᠳᠠᠯᠠᠨ᠂ ᠦᠢᠯᠡᠴᠢᠯᠡᠬᠡᠨ ᠤ ᠬᠢᠷᠢ ᠳᠦᠪᠰᠢᠨ ᠢᠶᠠᠨ ᠦᠷᠬᠦᠯᠵᠢᠯᠡᠨ ᠲᠡᠭᠡᠭᠰᠢᠯᠡᠬᠦᠯᠦᠭᠰᠡᠨ ᠪᠠᠶᠢᠨ᠎ᠠ᠃ ᠪᠠᠰᠠ ᠲᠤᠬᠠᠢᠢᠯᠠᠬᠰᠠᠨ ᠠᠵᠢᠯ ᠤᠨ ᠲᠤᠷᠰᠢᠯᠭ᠎ᠠ ᠪᠠᠨ ᠴᠠᠬ ᠲᠤᠬᠠᠢ ᠳᠤᠨᠢ ᠳ᠋ᠦᠩᠨᠡᠵᠦ᠂ ᠪᠠᠷᠠᠭ᠎ᠠ ᠢᠯᠡᠬᠡᠬᠦ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠴᠠᠬ ᠲᠤᠬᠠᠢ ᠳᠤᠨᠢ ᠵᠠᠳᠠᠯᠤᠨ ᠤᠢᠢᠯᠠᠭᠠᠵᠦ᠂ ᠦᠢᠯᠡᠴᠢᠯᠡᠬᠡᠨ ᠤ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠦᠢᠯᠡᠴᠢᠯᠡᠬᠡᠨ ᠤ ᠲᠦᠷᠦᠯ ᠲᠡᠮᠳᠡᠭ ᠢ ᠴᠣᠭᠴᠠᠯᠠᠬᠤ ᠶᠢ ᠶᠡᠭᠡ ᠪᠠᠷ ᠴᠢᠬᠤᠯᠠᠴᠢᠯᠠᠵᠦ᠂ ᠤᠯᠠᠨ ᠠᠷᠭ᠎ᠠ ᠬᠡᠮᠵᠢᠶ᠎ᠡ ᠠᠪᠴᠤ ᠠᠭᠠᠷ ᠤᠨ ᠠᠶᠠᠯᠤᠯ ᠤᠨ ᠪᠠᠷᠠᠭᠠᠨ ᠤ ᠲᠡᠬᠡᠬᠡᠪᠦᠷᠢ ᠶᠢᠨ ᠵᠠᠬ᠎ᠠ ᠳᠡᠯᠭᠡᠭᠦᠷ ᠤᠨ ᠤᠯᠠᠨ ᠡᠰᠢᠵᠢᠨ ᠬᠦᠭᠵᠢᠬᠦ ᠶᠢ ᠠᠬᠢᠭᠤᠯᠵᠦ᠂ ᠠᠭᠠᠷ ᠤᠨ ᠠᠶᠠᠯᠤᠯ ᠤᠨ ᠤᠷᠤᠨ ᠪᠦᠰᠡ ᠶᠢᠨ ᠬᠦᠢᠰᠤ ᠪᠦᠲᠦᠬᠡᠨ ᠪᠠᠶᠢᠭᠤᠯᠤᠯᠳᠠ ᠳᠤ ᠬᠦᠴᠦᠨ ᠨᠡᠮᠡᠷᠢᠯᠡᠭᠰᠡᠨ ᠪᠠᠶᠢᠨ᠎ᠠ᠃      ᠪᠠᠷᠠᠭᠠᠨ ᠤ ᠲᠡᠬᠡᠬᠡᠪᠦᠷᠢ ᠶᠢᠨ ᠬᠦᠭᠵᠢᠶᠡᠨᠳᠤ ᠬᠤᠭᠤᠴᠠᠭᠠᠨ ᠳᠤ᠂ ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠤᠨ ᠨᠢᠰᠬᠡᠯ  ᠪᠠᠭᠤᠳᠠᠯ ᠤᠨ ᠦᠢᠯᠡᠴᠢᠯᠡᠬᠡᠨ ᠤ ᠬᠤᠪᠢᠶᠠᠷᠢ ᠺᠤᠮᠫᠠᠨᠢ ᠨᠢ ᠪᠠᠰᠠ ᠡᠬᠢ ᠪᠠᠶᠠᠯᠢᠭ ᠢ ᠬᠠᠮᠳᠤ ᠪᠠᠷ ᠡᠳ᠋ᠯᠡᠬᠦ᠂ ᠲᠠᠪᠠᠭᠤᠯᠢᠬ ᠢᠶᠠᠨ ᠬᠠᠷᠢᠯᠴᠠᠨ ᠨᠥᠬᠦᠪᠦᠷᠢᠯᠡᠬᠦ ᠪᠠᠷ ᠲᠠᠮᠵᠢᠵᠦ᠂ ᠤᠯᠠᠨ ᠲᠠᠯ᠎ᠠ ᠪᠠᠷ ᠵᠤᠬᠢᠴᠠᠭᠤᠯᠤᠨ ᠬᠠᠮᠵᠢᠯᠴᠠᠵᠦ᠂ ᠦᠢᠯᠡᠴᠢᠯᠡᠭᠡ ᠶᠢ ᠪᠠᠲᠤᠯᠠᠬᠤ ᠬᠡᠯᠬᠢᠶ᠎ᠡ ᠪᠠᠨ ᠲᠠᠰᠤᠷᠠᠯᠳᠠ ᠦᠬᠡᠢ ᠲᠡᠬᠦᠯᠳᠡᠷᠵᠢᠬᠦᠯᠵᠦ᠂ ᠠᠭᠠᠷ ᠤᠨ ᠠᠶᠠᠯᠤᠯ ᠤᠨ ᠪᠠᠷᠠᠭᠠᠨ ᠤ ᠲᠡᠬᠡᠬᠡᠪᠦᠷᠢ ᠶᠢᠨ ᠦᠢᠯᠡᠴᠢᠯᠡᠬᠡᠨ ᠤ ᠲᠠᠪᠴᠠᠩ ᠢ ᠪᠦᠬᠦ ᠬᠦᠴᠦᠨ ᠢᠶᠠᠷ ᠢᠶᠠᠨ ᠴᠣᠭᠴᠠᠯᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号