| | | | | 12 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ | ᠰᠢᠨ᠎ᠡ ᠬᠤᠲᠠ ᠲᠣᠭᠤᠷᠢᠭ ᠲᠤ ᠢᠷᠡᠵᠦ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠪᠠ᠃ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠤᠷᠭᠠᠨ ᠬᠥᠮᠥᠵᠢᠯ | ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠰᠢᠤᠢ ᠰᠢᠤᠸᠠᠢ | ᠹᠧᠩ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠬᠦᠬᠡᠬᠤᠲᠠ ᠶᠢᠨ ᠰᠤᠷᠭᠠᠨ | ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃ | | | | | | ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠲᠤᠭᠤᠷᠢᠭ ᠤᠨ ᠳᠡᠳ᠋ ᠳᠠᠷᠤᠭ᠎ᠠ ᠯᠢ ᠰᠢᠨ ᠳ᠋ᠠ | 2019 ᠣᠨ ᠰᠢᠨ᠎ᠡ ᠬᠤᠲᠠ ᠲᠣᠭᠤᠷᠢᠭ ᠤᠨ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠭᠰᠡᠨ ᠠᠵᠢᠯ ᠤᠨ ᠪᠠᠶᠢᠳᠠᠯ ᠢ ᠬᠠᠷᠢᠭᠤ ᠮᠡᠳᠡᠭᠦᠯᠪᠡ᠃ 2019 ᠣᠨ ᠳᠤ᠂ ᠰᠢᠨ᠎ᠡ ᠬᠤᠲᠠ | ᠲᠣᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠤᠷᠳᠤᠨ ᠰᠤᠷᠭᠠᠨ ᠬᠥᠮᠦᠵᠢᠯ ᠢ ᠤᠷᠢᠳᠠᠪᠠᠷ | ᠬᠥᠭᠵᠢᠭᠦᠯᠬᠦ ᠶᠢ ᠢᠮᠠᠭᠲᠠ ᠪᠠᠷᠢᠮᠲᠠᠯᠠᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠬᠦᠴᠦᠯᠡᠨ | ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠰᠤᠷᠭᠠᠨ | ᠬᠥᠮᠦᠵᠢᠯ ᠤᠨ ᠬᠠᠨᠤᠮᠵᠢ ᠶᠢᠨ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠭᠦᠯᠪᠡ᠃ ᠰᠢᠨ᠎ᠡ ᠬᠤᠲᠠ ᠲᠣᠭᠤᠷᠢᠭ | ᠰᠤᠷᠭᠠᠨ ᠬᠥᠮᠦᠵᠢᠯ ᠤᠨ ᠦᠢᠯᠡᠰ ᠠᠮᠵᠢᠯᠲᠠ ᠣᠯᠤᠭᠰᠠᠨ ᠤ ᠬᠠᠮᠲᠤ᠂ ᠰᠤᠷᠭᠠᠭᠤᠯᠢ ᠶᠢᠨ ᠲᠥᠯᠥᠪᠵᠢᠭᠦᠯᠪᠡ | ᠪᠠᠢᠷᠢᠰᠢᠭᠤᠯᠤᠯ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠳᠤᠲᠠᠭᠤᠳᠠᠯ᠂ ᠰᠤᠷᠭᠠᠭᠤᠯᠢ ᠶᠢᠨ | ᠰᠤᠷᠭᠠᠭᠤᠯᠢ ᠡᠷᠬᠢᠯᠡᠬᠦ ᠠᠵᠢᠯᠯᠠᠭ᠎ᠠ ᠪᠠ ᠳᠤᠮᠳᠠᠳᠤ ᠪᠠᠭ᠎ᠠ ᠰᠤᠷᠭᠠᠭᠤᠯᠢ ᠶᠢᠨ ᠰᠠᠭᠤᠷᠢ ᠲᠥᠬᠦᠭᠡᠷᠦᠮᠵᠢ ᠶᠢᠨ | ᠲᠠᠯ᠎ᠠ ᠶᠢᠨ ᠠᠰᠠᠭᠤᠳᠠᠯ ᠮᠥᠨ ᠣᠷᠣᠰᠢᠵᠤ ᠪᠠᠶᠢᠨ᠎ᠠ᠃ | ᠯᠢ ᠰᠢᠨ ᠳ᠋ᠠ ᠢᠯᠡᠷᠬᠡᠶᠢᠯᠡᠭᠰᠡᠨ ᠨᠢ᠂ ᠵᠠᠯᠭᠠᠭᠠᠳ ᠰᠢᠨ᠎ᠡ ᠬᠤᠲᠠ ᠲᠣᠭᠤᠷᠢᠭ ᠵᠠᠰᠠᠭ ᠤᠨ ᠣᠷᠳᠣᠨ ᠤ | ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠲᠠᠪᠤᠷᠢᠯᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠰᠠᠭᠤᠷᠢ | ᠲᠥᠬᠦᠭᠡᠷᠦᠮᠵᠢ ᠶᠢ ᠰᠠᠶᠢᠵᠢᠷᠠᠭᠤᠯᠬᠤ᠂ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ | ᠪᠠᠭᠰᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠪᠠᠭᠰᠢ ᠶᠢᠨ ᠰᠣᠯᠢᠯᠴᠠᠭᠠᠨ ᠤ | ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠥᠪᠡᠷᠲᠡᠭᠡᠨ ᠵᠠᠰᠠᠬᠤ | ᠣᠷᠣᠨ᠂ ᠬᠤᠲᠠ ᠶᠢᠨ ᠵᠠᠰᠠᠭ ᠤᠨ ᠣᠷᠳᠣᠨ ᠤ ᠱᠠᠭᠠᠷᠳᠠᠯᠭ᠎ᠠ ᠪᠣᠯᠤᠨ ᠠᠷᠠᠳ ᠣᠯᠠᠨ ᠤ ᠬᠦᠰᠡᠯ ᠡᠷᠡᠮᠡᠯᠵᠡᠯ ᠲᠠᠢ | ᠬᠠᠷᠢᠴᠠᠭᠤᠯᠵᠤ᠂ ᠠᠷᠠᠳ ᠤᠯᠠᠨ ᠤ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ ᠭᠡᠪᠡ᠃ | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠰᠤᠷᠭᠠᠭᠤᠯᠢ ᠶᠢᠨ ᠵᠠᠬᠢᠷᠤᠯ ᠤᠨ ᠶᠠᠷᠢᠯᠴᠠᠬᠤ ᠬᠤᠷᠠᠯ ᠢ ᠡᠷᠬᠢᠯᠡᠨ | ᠬᠤᠷᠠᠯᠳᠤᠭᠤᠯᠵᠤ᠂ ᠡᠯ᠎ᠡ ᠰᠤᠷᠭᠠᠭᠤᠯᠢ ᠶᠢᠨ ᠵᠠᠬᠢᠷᠤᠯ ᠭᠤᠤᠯᠳᠠᠭᠤ ᠰᠤᠷᠭᠠᠨ ᠬᠥᠮᠦᠵᠢᠯ ᠤᠨ ᠡᠳ᠋ ᠤᠨ ᠵᠠᠰᠠᠭ ᠤᠨ | ᠣᠷᠣᠭᠤᠯᠤᠯᠲᠠ ᠶᠢ ᠪᠠᠲᠤᠯᠠᠬᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠰᠣᠩᠭᠤᠬᠤ ᠦᠵᠡᠭᠳᠡᠯ᠂ | ᠳᠤᠮᠳᠠᠳᠤ ᠪᠠᠭ᠎ᠠ ᠰᠤᠷᠭᠠᠭᠤᠯᠢ ᠶᠢᠨ ᠶᠡᠭᠡ ᠪᠠᠭᠲᠠᠭᠠᠮᠵᠢ ᠲᠠᠢ ᠠᠩᠭᠢ ᠪᠠ ᠬᠡᠳᠦ ᠶᠡᠭᠡ ᠪᠠᠭᠲᠠᠭᠠᠮᠵᠢ ᠲᠠᠢ ᠠᠩᠭᠢ ᠶᠢ | ᠠᠷᠢᠯᠭᠠᠬᠤ᠂ ᠪᠠᠭᠰᠢ ᠶᠢᠨ ᠴᠠᠯᠢᠩ ᠣᠯᠭᠤᠮᠵᠢ ᠶᠢ ᠨᠠᠶᠢᠳᠠᠪᠤᠷᠢᠵᠢᠭᠤᠯᠬᠤ᠂ ᠠᠯᠪᠠᠨ ᠵᠢᠷᠤᠮ ᠤᠨ ᠰᠤᠷᠭᠠᠨ | ᠬᠥᠮᠦᠵᠢᠯ ᠢ ᠲᠡᠩᠴᠡᠭᠦᠷᠢᠲᠡᠶ ᠬᠥᠭᠵᠢᠭᠦᠯᠬᠦ ᠳᠤ ᠪᠣᠳᠠᠲᠤ ᠦᠷ᠎ᠡ ᠪᠦᠲᠦᠮᠵᠢ ᠪᠠᠶᠢᠬᠤ ᠡᠰᠡᠬᠦ ᠵᠡᠷᠭᠡ ᠠᠰᠠᠭᠤᠳᠠᠯ ᠤᠨ | ᠲᠣᠭᠤᠷᠢᠨ ᠳᠤ ᠠᠭᠤᠵᠢᠷᠠᠲᠠᠯ᠎ᠠ ᠶᠠᠷᠢᠯᠴᠠᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠦᠨᠡᠨ | ᠪᠣᠳᠠᠲᠠᠶ ᠪᠠᠷ ᠲᠤᠰᠬᠠᠬᠤ ᠶᠢᠨ ᠬᠠᠮᠲᠤ ᠰᠠᠨᠠᠭᠤᠯᠭ᠎ᠠ ᠳᠤᠷᠠᠳᠪᠠ᠃ | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠲᠤᠬᠠᠶ ᠶᠢᠨ ᠲᠠᠯᠠᠪᠤᠷ ᠤᠨ ᠬᠠᠷᠢᠭᠤ ᠲᠤᠰᠬᠠᠬᠤ ᠳᠣᠮᠳᠠ᠂ | ᠰᠢᠨ᠎ᠡ ᠬᠤᠲᠠ ᠲᠣᠭᠤᠷᠢᠭ ᠤᠨ ᠰᠤᠷᠭᠠᠨ ᠬᠥᠮᠦᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ | ᠠᠵᠢᠯ ᠤᠨ ᠳᠤᠮᠳᠠᠬᠢ ᠭᠤᠣᠯᠯᠠᠨ ᠵᠢᠯᠤᠭᠤᠳᠬᠤ ᠦᠢᠯᠡᠳᠦᠯ ᠢ ᠭᠦᠢᠴᠡᠳ ᠨᠤᠲᠠᠯᠠᠭᠰᠠᠨ ᠤ ᠬᠠᠮᠲᠤ ᠪᠠᠰᠠ ᠵᠠᠷᠢᠮ | ᠣᠷᠣᠰᠢᠵᠤ ᠪᠠᠶᠢᠭ᠎ᠠ ᠠᠰᠠᠭᠤᠳᠠᠯ ᠢ ᠵᠢᠭᠠᠵᠤ ᠭᠠᠷᠭᠠᠭᠰᠠᠨ ᠪᠠᠶᠢᠨ᠎ᠠ᠂ ᠵᠠᠰᠠᠭ ᠤᠨ ᠣᠷᠳᠣᠨ ᠰᠤᠷᠭᠠᠨ ᠬᠥᠮᠦᠵᠢᠯ ᠤᠨ | ᠲᠤᠰᠢᠶᠠᠯ ᠬᠠᠷᠢᠭᠤᠴᠠᠯᠭ᠎ᠠ ᠪᠠᠨ ᠨᠠᠶᠢᠲᠠᠪᠤᠷᠢᠵᠢᠭᠤᠯᠬᠤ ᠶᠢ ᠪᠠᠲᠤᠯᠠᠵᠤ᠂ ᠰᠢᠨ᠎ᠡ ᠬᠤᠲᠠ ᠲᠣᠭᠤᠷᠢᠭ ᠤᠨ ᠰᠤᠷᠭᠠᠨ | ᠬᠥᠮᠦᠵᠢᠯ ᠤᠨ ᠦᠢᠯᠡᠰ ᠤᠨ ᠰᠠᠶᠢᠨ ᠬᠥᠭᠵᠢᠯᠲᠡ ᠶᠢ ᠠᠬᠢᠭᠤᠯᠬᠤ ᠶᠢ ᠬᠦᠰᠡᠪᠡ᠃ |