| | | | | | | | | | 12 ᠳ᠋ᠤᠭᠠᠷ ᠰᠠᠷ᠎ᠠ ᠶᠢᠨ 6 ᠤ ᠡᠳᠦᠷ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶᠠᠨ ᠤ ᠳᠠᠷᠤᠭ᠎ᠠ ᠶᠦᠨ ᠴᠦᠨ ᠯᠧᠢ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ | ᠣᠷᠳᠣᠨ ᠤ ᠰᠢᠶᠠᠨ ᠤ ᠳᠠᠷᠤᠭ᠎ᠠ ᠺᠠᠩ ᠶᠦᠩ ᠴᠢᠶᠠᠩ ᠵᠡᠷᠭᠡ ᠬᠥᠮᠦᠰ ᠯᠠᠮᠠ ᠶᠢᠨ ᠲᠣᠬᠤᠢ ᠶᠢᠨ ᠬᠠᠳᠤᠨ ᠭᠤᠣᠯ | ᠳᠠᠭᠠᠤ ᠶᠢᠨ ᠵᠠᠰᠠᠮᠠᠯ ᠵᠠᠮ ᠳᠤ ᠭᠦᠨᠵᠡᠭᠡᠶᠢᠷᠡᠨ ᠡᠪᠦᠯ ᠤᠨ ᠤᠯᠠᠷᠢᠯ ᠤᠨ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠢ | ᠪᠠᠶᠢᠴᠠᠭᠠᠨ ᠵᠢᠯᠣᠭᠤᠳᠪᠠ᠃ | ᠪᠠᠶᠢᠴᠠᠭᠠᠬᠤ ᠳᠤᠭᠤᠢᠯᠠᠩ ᠤᠨ ᠬᠢᠨ ᠤᠷᠢᠳ ᠬᠤᠵᠢᠳ ᠯᠠᠮᠠ ᠶᠢᠨ ᠲᠣᠬᠤᠢ ᠶᠢᠨ ᠬᠠᠳᠤᠨ ᠭᠤᠤᠯ | ᠳᠠᠭᠠᠤ ᠶᠢᠨ ᠵᠠᠰᠠᠮᠠᠯ ᠵᠠᠮ ᠤᠨ ᠵᠠᠮ ᠬᠠᠷᠢᠯᠴᠠᠭ᠎ᠠ ᠶᠢᠨ ᠱᠦᠢᠨᠢ ᠶᠢᠨ ᠦᠢᠯᠡᠳᠪᠦᠷᠢ᠂ ᠯᠣᠤ ᠬᠤ᠋ ᠭᠸᠦ ᠪᠣᠯᠤᠨ ᠭᠤᠸᠠᠢ | ᠽᠢ ᠱᠠᠩ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠲᠤ ᠭᠦᠨᠵᠡᠭᠡᠶᠢᠷᠡᠵᠦ᠂ ᠬᠠᠳᠤᠨ ᠭᠤᠤᠯ ᠤᠨ ᠬᠡᠰᠡᠭ ᠤᠨ ᠤᠰᠤᠨ | ᠲᠦᠪᠰᠢᠨ᠂ ᠰᠦᠩ ᠬᠠᠯᠢᠶ᠎ᠠ ᠶᠢᠨ ᠨᠢᠭᠲᠠᠴᠠ ᠪᠣᠯᠤᠨ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠶᠢᠨ ᠠᠬᠢᠯᠲᠠ ᠶᠢᠨ | ᠪᠠᠶᠢᠳᠠᠯ ᠢ ᠨᠠᠷᠢᠨ ᠣᠶᠢᠯᠠᠭᠠᠪᠠ᠃ ᠲᠤᠬᠠᠶ ᠶᠢᠨ ᠲᠠᠯᠠᠪᠠᠢ ᠳᠤ ᠬᠠᠳᠤᠨ ᠭᠤᠤᠯ ᠳᠠᠭᠠᠤ ᠶᠢᠨ ᠵᠠᠮ ᠬᠠᠷᠢᠯᠴᠠᠭᠠᠨ ᠤ | ᠬᠠᠮᠢᠶᠠᠷᠤᠯᠲᠠ ᠵᠡᠷᠭᠡ ᠠᠵᠢᠯ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠠᠶ᠃ ᠪᠠᠶᠢᠴᠠᠭᠠᠬᠤ ᠳᠤᠭᠤᠶᠢᠯᠠᠩ ᠤᠨ ᠬᠢᠨ | ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠲᠠᠯ᠎ᠠ ᠪᠠᠷ ᠦᠨᠡᠨ ᠬᠦ | ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷ ᠢᠶᠠᠨ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ | ᠲᠥᠰᠦᠯ ᠢ ᠰᠠᠶᠢᠲᠤᠷ ᠬᠢᠵᠦ᠂ ᠭᠡᠨᠡᠳᠲᠡ ᠶᠢᠨ ᠠᠶᠤᠯ ᠲᠦᠭᠰᠢᠭᠦᠷᠢ ᠶᠢ ᠠᠷᠭᠠᠴᠠᠬᠤ ᠪᠠᠷ ᠴᠠᠭ ᠢᠮᠠᠭᠲᠠ ᠪᠡᠯᠡᠬᠡᠨ | ᠪᠠᠶᠢᠬᠤ ᠬᠡᠷᠡᠭᠲᠡᠶ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠᠨ | ᠴᠢᠩᠭᠠᠳᠬᠠᠵᠤ᠂ ᠰᠦᠩ ᠬᠠᠯᠢᠶ᠎ᠠ ᠶᠢ ᠰᠡᠷᠭᠡᠶᠢᠯᠡᠬᠦ ᠪᠡᠯᠡᠳᠬᠡᠯ ᠲᠥᠰᠦᠯ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ | ᠰᠦᠩ ᠬᠠᠯᠢᠶ᠎ᠠ ᠶᠢ ᠰᠡᠷᠭᠡᠶᠢᠯᠡᠬᠦ ᠬᠥᠮᠦᠨ ᠤ ᠬᠦᠴᠦᠨ ᠤ ᠡᠳ᠋ ᠪᠣᠳᠠᠰ ᠢ ᠭᠦᠢᠴᠡᠳ ᠪᠡᠯᠡᠳᠬᠡᠵᠦ᠂ ᠠᠰᠠᠭᠤᠳᠠᠯ ᠪᠠ | ᠳᠠᠯᠳᠠ ᠭᠡᠮ ᠢ ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠳᠡᠭᠡᠳᠦ | ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠰᠡᠳᠬᠢᠯᠭᠡ᠂ ᠨᠠᠷᠢᠨ ᠨᠢᠮᠪᠠᠢ ᠵᠣᠬᠢᠶᠠᠨ ᠪᠠᠶᠢᠭᠤᠯᠤᠯᠲᠠ᠂ | ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠵᠦ᠂ ᠬᠠᠳᠤᠨ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠬᠦ ᠡᠯ᠎ᠡ | ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠯᠠᠮᠠ ᠶᠢᠨ ᠲᠣᠬᠤᠢ ᠪᠠᠯᠭᠠᠰᠤᠨ ᠤ ᠬᠠᠳᠤᠨ ᠭᠤᠣᠯ | ᠳᠠᠭᠠᠤ ᠵᠠᠰᠠᠮᠠᠯ ᠵᠠᠮ ᠤᠨ ᠬᠡᠰᠡᠭ ᠤᠨ ᠰᠦᠩ ᠬᠠᠯᠢᠶ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ | ᠬᠡᠷᠡᠭᠲᠡᠢ ᠭᠡᠵᠡᠢ᠃ | ᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠪᠣᠯᠤᠨ ᠮᠠᠨ ᠤ ᠰᠢᠶᠠᠨ ᠤ ᠤᠳᠤᠷᠢᠳᠤᠯᠭ᠎ᠠ ᠵᠠᠩ ᠮᠢᠨ ᠴᠦᠨ | ᠵᠢᠴᠢ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠬᠤ ᠠᠵᠢᠯᠯᠠᠭ᠎ᠠ ᠳᠤ | ᠣᠷᠣᠯᠴᠠᠵᠠᠶ᠃ |