ᠪᠠᠩᠰᠢ ᠪᠣᠭᠤᠵᠤ ᠡᠪᠦᠯ ᠤᠨ ᠲᠤᠶᠢᠯ ᠢ ᠥᠩᠭᠡᠷᠡᠭᠡᠪᠡ
ᠨᠡᠶᠢᠲᠡᠯᠡᠭᠰᠡᠨ ᠴᠠᠭ᠄
2019-12-23
     12 ᠳ᠋ᠤᠭᠠᠷ ᠰᠠᠷ᠎ᠠ ᠶᠢᠨ 22 ᠤᠨ ᠡᠳᠦᠷ ᠪᠣᠯ ᠬᠤᠷᠢᠨ ᠳᠥᠷᠪᠡᠨ ᠴᠠᠭ ᠤᠯᠠᠷᠢᠯ ᠳᠤᠮᠳᠠᠬᠢ ᠡᠪᠦᠯ ᠤᠨ ᠲᠤᠶᠢᠯ ᠪᠣᠯᠣᠨ᠎ᠠ᠂ ᠮᠠᠨ ᠤ ᠤᠯᠤᠰ ᠤᠨ ᠤᠮᠠᠷᠠᠲᠤ ᠣᠷᠣᠨ ᠳᠤ ᠡᠪᠦᠯ ᠤᠨ ᠲᠤᠶᠢᠯ ᠳᠤ ᠪᠠᠩᠰᠢ ᠢᠳᠡᠬᠦ ᠵᠠᠩᠰᠢᠯ  ᠲᠠᠢ ᠪᠠᠶᠢᠵᠤ᠂ ᠵᠠᠩ ᠦᠢᠯᠡ ᠶᠢᠨ ᠲᠤᠰᠬᠠᠢ ᠮᠡᠷᠭᠡᠵᠢᠯᠲᠡᠨ ᠴᠦ᠂ ᠡᠪᠦᠯ ᠤᠨ ᠲᠤᠶᠢᠯ ᠨᠢ ᠳᠤᠮᠳᠠᠳᠤ ᠤᠯᠤᠰ ᠤᠨ ᠪᠢᠯᠢᠭ ᠤᠨ ᠤᠯᠠᠷᠢᠯ ᠤᠨ ᠴᠢᠬᠤᠯᠠ ᠨᠢᠭᠡᠨ ᠴᠠᠭ ᠤᠯᠠᠷᠢᠯ ᠮᠥᠷᠲᠡᠭᠡᠨ ᠮᠥᠨᠴᠦ ᠳᠤᠮᠳᠠᠳᠤ ᠶᠢᠨ ᠦᠨᠳᠦᠰᠦᠲᠡᠨ ᠤ ᠨᠢᠭᠡ ᠴᠢᠬᠤᠯᠠ ᠤᠯᠠᠮᠵᠢᠯᠠᠯᠲᠤ ᠪᠠᠶᠠᠷ ᠤᠨ ᠡᠳᠦᠷ ᠪᠣᠯᠣᠨ᠎ᠠ ᠭᠡᠵᠡᠢ᠃      ᠡᠪᠦᠯ ᠤᠨ ᠲᠤᠶᠢᠯ ᠪᠣᠯᠬᠤ ᠲᠠᠰᠢᠷᠠᠮ ᠳᠤ᠂ ᠰᠣᠶᠣᠯ ᠢ ᠨᠡᠶᠢᠭᠡᠮ ᠲᠣᠭᠤᠷᠢᠭ ᠲᠤ ᠣᠷᠣᠭᠤᠯᠬᠤ ᠲᠣᠮᠣ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠵᠣᠬᠢᠶᠠᠨ ᠪᠠᠶᠢᠭᠤᠯᠬᠤ ᠺᠣᠮᠢᠰ ᠤᠨ ᠠᠯᠪᠠᠨ ᠭᠡᠷ ᠠᠴᠠ ᠯᠢᠦ ᠯᠢᠦ ᠴᠠᠭ ᠦᠶ᠎ᠡ ᠨᠡᠶᠢᠭᠡᠮ ᠤᠨ ᠦᠢᠯᠡᠳᠦᠯᠭᠡ ᠶᠢᠨ ᠪᠦᠯᠬᠦᠮ᠂ ᠰᠢᠨᠬᠤᠸᠠ ᠶᠤᠸᠠᠨ ᠨᠡᠶᠢᠭᠡᠮ ᠲᠣᠭᠤᠷᠢᠭ᠂ ᠪᠠᠷᠠᠭᠤᠨ ᠮᠠᠰᠢᠨ ᠤ ᠶᠠᠪᠤᠳᠠᠯ ᠤᠨ ᠬᠡᠰᠡᠭ ᠤᠨ ᠨᠡᠶᠢᠭᠡᠮ ᠲᠣᠭᠤᠷᠢᠭ᠂ ᠱᠤ᠋ ᠭᠤᠸᠠᠩ ᠨᠡᠶᠢᠭᠡᠮ ᠲᠣᠭᠤᠷᠢᠭ ᠲᠠᠢ ᠬᠠᠮᠲᠤᠷᠠᠨ ︽ᠠᠴᠢᠯᠠᠯ ᠤᠨ ᠰᠣᠶᠣᠯ ᠤᠨ ᠣᠬᠢ ᠰᠣᠳᠣ ᠶᠢ ᠪᠠᠳᠠᠷᠠᠭᠤᠯᠵᠤ᠂ ᠳᠣᠯᠣᠭᠠᠨ ᠥᠩᠭᠡ ᠶᠢᠨ  ᠭᠡᠷᠡᠯ ᠨᠡᠶᠢᠲᠡ ᠶᠢᠨ ᠠᠰᠠᠷᠠᠮᠵᠢ ᠶᠢ ᠦᠢᠯᠡᠳᠦᠯᠭᠡᠵᠢᠭᠦᠯᠬᠦ︾ —ᠬᠥᠬᠡᠬᠤᠲᠠ ᠶᠢᠨ ᠵᠠᠭᠤᠨ ᠬᠤᠭᠤᠴᠠᠭ᠎ᠠ ᠶᠢᠨ ︽ᠤᠯᠠᠮᠵᠢᠯᠠᠯᠲᠤ ᠵᠢᠯ ᠤᠨ ᠠᠮᠲᠠ ᠲᠠᠢ ᠪᠠᠩᠰᠢ ᠶᠢᠨ  ᠨᠠᠶᠢᠷ ᠤᠨ ᠰᠢᠷᠡᠭᠡ︾  ᠶᠢᠨ ᠡᠬᠢᠯᠡᠬᠦ ᠶᠣᠰᠣᠯᠠᠯ ᠵᠢᠴᠢ ︽ᠡᠪᠦᠯ ᠤᠨ ᠲᠤᠶᠢᠯ ᠪᠣᠯᠵᠤ ᠵᠣᠯ ᠵᠢᠷᠭᠠᠯ ᠢᠷᠡᠬᠦ︾ ᠠᠵᠢᠯᠯᠠᠭ᠎ᠠ ᠶᠢ ᠥᠷᠨᠢᠭᠦᠯᠪᠡ᠃ ᠠᠬᠤᠢ ᠲᠠᠯᠠᠪᠠᠢ ᠳᠤ ᠵᠠᠩ ᠦᠢᠯᠡ ᠶᠢᠨ ᠰᠣᠶᠣᠯ ᠤᠨ ᠬᠥᠳᠡᠯᠭᠡᠭᠡᠨ ᠂ ᠡᠴᠢᠭᠡ ᠡᠬᠡ ᠦᠷ᠎ᠡ ᠬᠡᠦᠬᠡᠳ ᠤᠨ ᠬᠥᠳᠡᠯᠭᠡᠭᠡᠨ᠂ ᠨᠡᠶᠢᠭᠡᠮ ᠲᠣᠭᠤᠷᠢᠭ ᠤᠨ ᠥᠨᠥᠴᠢᠨ ᠪᠡᠯᠪᠡᠰᠦᠨ ᠨᠠᠰᠤᠲᠠᠳ ᠲᠤ ᠪᠠᠩᠰᠢ ᠬᠦᠷᠭᠡᠬᠦ ᠬᠥᠳᠡᠯᠭᠡᠭᠡᠨ ᠢ ᠥᠷᠨᠢᠭᠦᠯᠵᠦ᠂ ᠨᠠᠰᠤᠨ ᠳᠤ ᠬᠦᠷᠦᠭᠡᠳᠦᠢ ᠬᠡᠦᠬᠡᠳ ᠢ ᠵᠢᠯᠣᠭᠤᠳᠤᠨ ᠬᠥᠳᠡᠯᠮᠦᠷᠢ ᠪᠠ ᠬᠤᠪᠢᠶᠠᠯᠴᠠᠬᠤ ᠶᠢᠨ ᠵᠢᠷᠭᠠᠯ ᠢ ᠣᠶᠢᠯᠠᠭᠠᠭᠤᠯᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号