| | | 12 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠬᠠᠢ ᠦᠴᠤᠸᠠᠨ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠤᠳᠤᠷᠢᠳᠬᠤ ᠳᠤᠭᠤᠶᠢᠯᠠᠩ ᠤᠨ 2019 ᠣᠨ ᠤ 12 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ | ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠶᠢᠨ ᠴᠦᠨ ᠯᠢᠶᠠᠩ᠂ ᠡᠤ ᠸᠧᠨ ᠪᠢᠶᠣᠤ᠂ ᠵᠠᠩ ᠯᠢ ᠰᠢᠶᠠ᠂ | ᠬᠠᠳᠠ᠂ ᠰᠢᠤᠢ ᠶᠢᠨ ᠭᠸᠤ᠂ ᠯᠢᠦ ᠳ᠋ᠦᠩ ᠱᠧᠩ᠂ ᠰᠢᠶᠧ ᠴᠢᠦᠶ ᠫᠢᠩ᠂ ᠫᠧᠩ ᠱᠣᠣ ᠴᠥᠩ᠂ ᠶᠠᠨ ᠢ᠂ ᠶᠤᠸᠠᠨ | ᠪᠥᠸᠧ᠂ ᠼᠤᠤ ᠽᠢ ᠯᠢ᠂ ᠢᠦᠶ ᠷᠦᠢ᠂ ᠸᠠᠩ ᠶᠤᠸᠠᠢ ᠬᠤᠩ᠂ ᠯᠢᠦᠶ ᡁᠢ ᠭᠠᠩ᠂ ᠵᠠᠩ ᠬᠠᠢ ᠲᠤᠤ᠂ ᠷᠧᠨ ᠶᠠᠨ | ᠰᠢᠶᠠᠩ᠂ ᠠᠨ ᠮᠢᠶᠣᠣ᠂ ᠴᠠᠩ ᠵᠢᠶᠧ ᠭᠤᠸᠠᠩ ᠵᠢᠴᠢ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠬᠡᠰᠡᠭ ᠰᠢᠶᠠᠩ ᠪᠠᠯᠭᠠᠰᠤ ᠵᠢᠴᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠡᠷᠭᠢᠨ ᠬᠠᠷᠠᠬᠤ︾ ᠠᠵᠢᠯ ᠪᠣᠯᠤᠨ ᠲᠥᠪ ᠤᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ | ᠠᠵᠢᠯ ᠤᠨ ᠪᠠᠶᠢᠳᠠᠯ ᠢ ᠬᠠᠷᠢᠭᠤ ᠮᠡᠳᠡᠭᠦᠯᠪᠡ︔ ᠥᠪᠡᠷᠲᠡᠭᠡᠨ ᠵᠠᠰᠠᠬᠤ ᠣᠷᠣᠨ ᠤ ᠲᠣᠰᠬᠤᠨ ᠳᠤ ᠰᠠᠭᠤᠭ᠎ᠠ | ᠬᠠᠮᠢᠶᠠᠷᠤᠯᠲᠠ ᠶᠢᠨ ᠠᠵᠢᠯ ᠤᠨ ᠬᠠᠷᠠᠭᠠᠨ ᠳᠠᠪᠲᠠᠮᠵᠢᠲᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ︽ᠡᠷᠭᠢᠨ ᠬᠠᠷᠠᠬᠤ︾ ᠶᠢ ᠰᠣᠨᠣᠰᠪᠠ︔ ᠲᠥᠪ ᠤᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ | ᠰᠠᠶᠢᠵᠢᠷᠠᠭᠤᠯᠬᠤ ᠠᠵᠢᠯ ᠢ ᠰᠣᠨᠣᠰᠪᠠ︔ ︽ᠦᠴᠤᠸᠠᠨ ᠰᠢᠶᠠᠨ ᠤ ᠲᠥᠪ ᠤᠨ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠶᠢ ᠤᠭᠲᠤᠬᠤ ᠲᠤᠰᠬᠠᠶ ᠲᠣᠭᠤᠷᠢᠨ ᠪᠠᠶᠢᠴᠠᠭᠠᠯᠲᠠ ᠶᠢᠨ ︿ᠡᠷᠭᠢᠨ ᠬᠠᠷᠠᠬᠤ﹀ | ᠵᠣᠬᠢᠴᠠᠭᠤᠯᠤᠨ ᠪᠠᠲᠤᠯᠠᠬᠤ ᠠᠵᠢᠯ ᠤᠨ ᠲᠥᠰᠦᠯ ︵ᠶᠠᠷᠢᠯᠴᠠᠬᠤ ᠨᠣᠣᠷᠠᠭ︶︾ ᠢ ᠰᠤᠳᠤᠯᠤᠨ ᠬᠢᠨᠠᠨ ᠵᠥᠪᠯᠡᠵᠦ᠂ | ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠶᠦᠨ ᠬᠠᠢ ᠵᠢᠭᠠᠵᠤ ᠭᠠᠷᠭᠠᠭᠰᠠᠨ ᠨᠢ᠂ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠯᠤᠰ ᠲᠥᠷᠦ ᠶᠢᠨ ᠵᠣᠭᠰᠤᠯᠲᠠ ᠪᠠᠨ ᠪᠠᠲᠤᠳᠬᠠᠵᠤ᠂ ᠪᠠᠲᠤ ᠴᠢᠩᠭ᠎ᠠ | ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠪᠠᠴᠢᠮᠠᠭ ᠲᠤᠯᠭᠠᠮ᠎ᠠ ᠰᠡᠳᠭᠢᠯᠭᠡ ᠪᠠᠷ ᠡᠯ᠎ᠡ ᠵᠦᠢᠯ ᠤᠨ | ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ︔ ᠭᠤᠤᠯᠳᠠᠯᠭ᠎ᠠ ᠲᠠᠢ ᠬᠦᠴᠢᠷ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠡᠭᠡᠭᠳᠡᠵᠦ ᠣᠷᠬᠢᠭᠳᠠᠭᠰᠠᠨ ᠢ ᠪᠠᠶᠢᠴᠠᠭᠠᠵᠤ ᠳᠤᠲᠠᠭᠤ ᠶᠢ | ᠨᠥᠬᠦᠪᠥᠷᠢᠯᠡᠵᠦ᠂ ᠥᠪᠡᠰᠦᠪᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ | ᠥᠷᠨᠢᠭᠦᠯᠬᠦ ᠬᠡᠷᠡᠭᠲᠡᠶ︔ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠡᠭᠦᠷᠭᠡ ᠶᠢ | ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ | ᠭᠡᠪᠡ᠃ |