ᠬᠠᠶᠠᠭᠳᠠᠮᠠᠯ ᠪᠣᠳᠠᠰ ᠢ ᠤᠷᠠᠯᠢᠭ ᠤᠨ ᠪᠦᠲᠦᠭᠡᠯ ᠪᠣᠯᠭᠠᠨ ᠬᠤᠪᠢᠷᠠᠭᠤᠯᠪᠠ
ᠨᠡᠶᠢᠲᠡᠯᠡᠭᠰᠡᠨ ᠴᠠᠭ᠄
2019-12-24
     ᠲᠦᠷᠦᠭᠦᠬᠡᠨ᠂ ᠢᠦᠢ ᠴᠢᠣᠸᠠᠨ ᠲᠣᠭᠤᠷᠢᠭ ᠤᠨ ᠲᠠᠪᠤᠨ ᠰᠤᠪᠤᠷᠭ᠎ᠠ ᠵᠡᠭᠦᠨ ᠵᠡᠭᠡᠯᠢ ᠶᠢᠨ ᠪᠠᠭ᠎ᠠ ᠰᠤᠷᠭᠠᠭᠤᠯᠢ ︽ᠬᠠᠶᠠᠭᠳᠠᠮᠠᠯ ᠪᠣᠳᠠᠰ ᠢ ᠤᠷᠠᠯᠢᠭ ᠤᠨ ᠪᠦᠲᠦᠭᠡᠯ ᠪᠣᠯᠭᠠᠬᠤ︾ ᠬᠥᠳᠡᠯᠭᠡᠭᠡᠨ ᠥᠷᠨᠢᠭᠦᠯᠪᠡ᠃ ᠰᠤᠷᠤᠭᠴᠢᠳ ᠪᠠᠭᠰᠢ ᠶᠢᠨ ᠢᠶᠠᠨ ᠵᠢᠯᠣᠭᠤᠳᠤᠯᠭ᠎ᠠ ᠳᠣᠣᠷ᠎ᠠ᠂  ᠬᠠᠶᠠᠭᠰᠠᠨ ᠲᠣᠪᠴᠢ᠂ ᠡᠯᠧᠺᠲᠷᠣᠨ ᠬᠤᠭ᠂ ᠬᠠᠶᠠᠵᠤ ᠬᠠᠭᠤᠴᠢᠷᠠᠭᠰᠠᠨ ᠪᠣᠭᠤᠳᠠᠯ ᠤᠨ ᠬᠠᠶᠢᠷᠴᠠᠭ ᠵᠡᠷᠭᠡ ᠪᠣᠳᠠᠰ ᠢᠶᠠᠷ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠦᠲᠦᠭᠡᠯᠴᠢ ᠤᠷᠠᠯᠢᠭ ᠤᠨ ᠪᠦᠲᠦᠭᠡᠯ ᠬᠢᠵᠦ᠂ ᠳᠣᠣᠷ᠎ᠠ  ᠨᠡᠭᠦᠷᠡᠰᠦᠳᠦ᠋ᠷᠦᠭᠴᠢᠳᠦ ᠣᠷᠴᠢᠨ ᠲᠣᠭᠤᠷᠢᠨ ᠤ ᠬᠠᠮᠠᠭᠠᠯᠠᠯᠲᠠ ᠪᠠ ᠤᠷᠠᠯᠢᠭ ᠤᠨ ᠪᠦᠲᠦᠭᠡᠯ ᠢ ᠤᠶᠠᠯᠳᠤᠭᠤᠯᠤᠨ᠂ ᠬᠤᠭ ᠨᠣᠪᠰᠢ ᠶᠢ ᠬᠤᠷᠢᠶᠠᠨ ᠠᠪᠴᠤ ᠲᠠᠬᠢᠨ ᠠᠰᠢᠭᠯᠠᠬᠤ ᠬᠠᠮᠢᠶ᠎ᠠ ᠪᠦᠬᠦᠢ ᠮᠡᠳᠡᠯᠭᠡ ᠶᠢ ᠰᠤᠷᠤᠯᠴᠠᠬᠤ ᠶᠢᠨ ᠬᠠᠮᠲᠤ᠂ ᠬᠥᠮᠥᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯᠲᠡ ᠤᠬᠠᠮᠰᠠᠷ ᠢᠶᠠᠨ ᠳᠡᠭᠡᠭᠰᠢᠯᠡᠭᠦᠯᠵᠦ᠂ ᠬᠤᠲᠠ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢ ᠤᠷᠢᠶᠠᠯᠠᠭᠰᠠᠨ ᠪᠠᠶᠢᠨ᠎ᠠ᠃ ᠰᠤᠷᠪᠤᠯᠵᠢᠯᠠᠭᠴᠢ ᠯᠢᠦ ᠴᠢᠩ ᠢᠦᠢ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号