︽ᠨ᠊ · ᠰᠠᠶᠢᠰᠢᠶᠠᠯᠲᠤ ᠶᠢᠨ ᠵᠣᠬᠢᠶᠠᠯ ᠤᠨ ᠲᠡᠭᠦᠪᠦᠷᠢ︾ ︵ᠠᠷᠪᠠᠨ ᠪᠣᠲᠢ︶ ᠶᠢ ᠠᠩᠬ᠎ᠠ ᠲᠠᠷᠬᠠᠭᠠᠬᠤ | ᠶᠣᠰᠤᠯᠠᠯ ᠪᠣᠯᠤᠨ ᠰᠤᠳᠤᠯᠤᠨ ᠶᠠᠷᠢᠯᠴᠠᠬᠤ ᠬᠤᠷᠠᠯ 2019 ᠣᠨ ᠤ 12 ᠰᠠᠷ᠎ᠠ ᠶᠢᠨ 21 ᠤ ᠡᠳᠦᠷ ᠦᠪᠦᠷ | ᠮᠣᠩᠭᠤᠯ ᠤᠨ ᠪᠠᠭᠰᠢ ᠶᠢᠨ ᠶᠡᠭᠡ ᠰᠣᠷᠭᠠᠭᠤᠯᠢ ᠳᠤ ᠶᠠᠪᠤᠭᠳᠠᠪᠠ᠃ ᠲᠤᠰ ᠤᠳᠠᠭᠠᠨ ᠤ ᠬᠤᠷᠠᠯ ᠢ ᠦᠪᠦᠷ | ᠮᠣᠩᠭᠤᠯ ᠤᠨ ᠪᠠᠭᠰᠢ ᠶᠢᠨ ᠶᠡᠭᠡ ᠰᠣᠷᠭᠠᠭᠤᠯᠢ ᠭᠤᠣᠯᠯᠠᠨ ᠡᠷᠬᠢᠯᠡᠵᠦ᠂ ᠦᠪᠦᠷ ᠮᠣᠩᠭᠤᠯ ᠤᠨ ᠪᠠᠭᠰᠢ ᠶᠢᠨ ᠶᠡᠭᠡ | ᠰᠣᠷᠭᠠᠭᠤᠯᠢ ᠶᠢᠨ ᠮᠣᠩᠭᠤᠯ ᠰᠣᠳᠣᠯᠣᠯ ᠤᠨ ᠳᠡᠭᠡᠳᠦ ᠰᠣᠷᠭᠠᠭᠤᠯᠢ ᠳᠠᠭᠠᠭᠠᠴᠢᠯᠠᠨ ᠡᠷᠬᠢᠯᠡᠵᠡᠢ᠃ | ᠡᠨᠡᠬᠦ ᠬᠤᠷᠠᠯ ᠳᠤ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠭᠡᠯᠳᠡᠰ ᠤᠨ ᠳᠡᠳ᠋ | ᠳᠠᠷᠤᠭ᠎ᠠ᠂ ᠺᠢᠨᠣ᠋ ᠶᠢᠨ ᠲᠣᠪᠴᠢᠶ᠎ᠠ ᠶᠢᠨ ᠳᠠᠷᠤᠭ᠎ᠠ ᠦᠨᠡᠨᠴᠢ᠂ ᠦᠪᠤᠷ ᠮᠤᠩᠭᠤᠯ ᠤᠨ ᠤᠳᠬ᠎ᠠ ᠤᠷᠠᠯᠢᠭ ᠤᠨ ᠬᠢᠨ ᠤ | ᠬᠤᠯᠪᠤᠭ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ ᠵᠠᠩ ᠢᠦᠢ᠂ ᠬᠥᠬᠡᠬᠤᠲᠠ ᠶᠢᠨ ᠨᠠᠮ ᠤᠨ | ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠯᠢ ᠸᠧᠨ ᠭᠧ᠂ ᠦᠪᠦᠷ ᠮᠤᠩᠭᠤᠯ ᠤᠨ | ᠪᠠᠭᠰᠢ ᠶᠢᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠸᠠᠩ ᠯᠠᠢ ᠰᠢ᠂ ᠦᠪᠤᠷ ᠮᠤᠩᠭᠤᠯ ᠤᠨ ᠵᠤᠬᠢᠶᠠᠯᠴᠢᠳ ᠤᠨ | ᠡᠪᠯᠡᠯ ᠤᠨ ᠲᠡᠷᠢᠬᠦᠯᠡᠭᠴᠢ ᠲᠤᠷᠤᠨᠡᠲ᠋ᠡᠭᠷᠢ ᠵᠡᠷᠭᠡ ᠤᠳᠤᠷᠢᠳᠤᠯᠭ᠎ᠠ᠂ ᠬᠥᠬᠡᠬᠤᠲᠠ ᠳᠠᠬᠢ ᠡᠯ᠎ᠡ ᠶᠡᠭᠡ ᠲᠡᠭᠡᠳᠦ | ᠰᠤᠷᠭᠠᠭᠤᠯᠢ᠂ ᠰᠤᠳᠤᠯᠭᠠᠨ ᠤ ᠪᠠᠶᠢᠭᠤᠯᠭ᠎ᠠ ᠪᠠ ᠠᠯᠪᠠᠨ ᠪᠠᠶᠢᠭᠤᠯᠭ᠎ᠠ ᠶᠢᠨ ᠡᠷᠳᠡᠮᠳᠡᠨ ᠰᠤᠳᠤᠯᠤᠭᠠᠴᠢᠳ᠂ | ᠤᠯᠠᠭᠠᠨᠬᠠᠳᠠ ᠬᠤᠲᠠ ᠪᠠ ᠬᠢᠩᠭᠠᠨ ᠠᠶᠢᠮᠠᠭ ᠠᠴᠠ ᠬᠦᠷᠦᠯᠴᠡᠨ ᠢᠷᠡᠭᠰᠡᠨ ᠵᠣᠴᠢᠳ᠂ ᠨ᠊ · ᠰᠠᠶᠢᠰᠢᠶᠠᠯᠲᠤ | ᠫᠷᠤᠹᠧᠰᠰᠤᠷ ᠤᠨ ᠭᠡᠷ ᠤᠨ ᠬᠦᠮᠦᠰ᠂ ᠠᠨᠳᠠ ᠨᠠᠶᠢᠵᠠ ᠪᠠ ᠰᠤᠷᠤᠭᠴᠢᠳ ᠨᠡᠶᠢᠲᠡ ᠭᠤᠷᠪᠠᠨ ᠵᠠᠭᠤᠭᠠᠳ ᠬᠦᠮᠦᠨ | ᠣᠷᠤᠯᠴᠠᠵᠠᠢ᠃ ᠬᠤᠷᠠᠯ ᠤᠨ ᠨᠡᠭᠡᠭᠡᠯᠲᠡ ᠶᠢᠨ ᠶᠤᠰᠤᠯᠠᠯ᠂ ᠰᠤᠳᠤᠯᠤᠨ ᠶᠠᠷᠢᠯᠴᠠᠬᠤ ᠬᠤᠷᠠᠯ ᠪᠠ ᠬᠠᠭᠠᠯᠲᠠ ᠶᠢᠨ | ᠶᠤᠰᠤᠯᠠᠯ ᠢ ᠲᠤᠰ ᠲᠤᠰ ᠮᠤᠩᠭᠤᠯ ᠰᠤᠳᠤᠯᠤᠯ ᠤᠨ ᠲᠡᠭᠡᠳᠦ ᠰᠤᠷᠭᠠᠭᠤᠯᠢ ᠶᠢᠨ ᠨᠠᠮ ᠤᠨ ᠶᠡᠷᠦᠩᠭᠡᠢ ᠡᠭᠦᠷ ᠤᠨ | ᠱᠦᠵᠢ ᠪᠠᠢ ᠪᠣᠣ ᠴᠧᠩ᠂ ᠲᠡᠳ᠋ ᠵᠠᠬᠢᠷᠤᠯ ᠵᠢᠦᠢ ᠪᠤᠤ᠂ ᠮᠣᠩᠭᠤᠯ ᠬᠡᠯᠡ ᠤᠳᠬ᠎ᠠ ᠵᠣᠬᠢᠶᠠᠯ ᠤᠨ ᠰᠠᠯᠪᠤᠷᠢ ᠶᠢᠨ | ᠡᠷᠬᠢᠯᠡᠭᠴᠢ ᠶᠤᠸᠠᠨ ᠴᠧᠩ ᠬᠦᠳᠦᠯᠪᠡ᠃ | ᠨᠡᠭᠡᠭᠡᠯᠲᠡ ᠶᠢᠨ ᠶᠣᠰᠤᠯᠠᠯ ᠳᠤ ᠮᠤᠩᠭᠤᠯ ᠰᠤᠳᠤᠯᠤᠯ ᠤᠨ ᠲᠡᠭᠡᠳᠦ ᠰᠤᠷᠭᠠᠭᠤᠯᠢ ᠶᠢᠨ ᠨᠠᠮ ᠤᠨ ᠶᠡᠷᠦᠩᠭᠡᠢ | ᠡᠭᠦᠷ ᠤᠨ ᠱᠦᠵᠢ ᠪᠠᠢ ᠪᠣᠣ ᠴᠧᠩ ᠬᠤᠷᠠᠯ ᠳᠤ ᠰᠠᠭᠠᠲᠠᠭᠰᠠᠨ ᠬᠦᠨᠳᠦᠲᠦ ᠵᠣᠴᠢᠳ ᠢ ᠲᠠᠨᠢᠯᠴᠠᠭᠤᠯᠵᠤ᠂ ᠮᠤᠩᠭᠤᠯ | ᠰᠤᠳᠤᠯᠤᠯ ᠤᠨ ᠲᠡᠭᠡᠳᠦ ᠰᠤᠷᠭᠠᠭᠤᠯᠢ ᠶᠢᠨ ᠵᠠᠬᠢᠷᠤᠯ ᠲᠤᠷᠤᠨᠠᠲ᠋ᠡᠭᠷᠢ ᠫᠷᠤᠹᠧᠰᠰᠤᠷ ᠤᠭᠲᠤᠯᠭ᠎ᠠ ᠶᠢᠨ ᠦᠭᠡ ᠬᠡᠯᠡᠵᠤ᠂ | ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠸᠠᠩ ᠯᠠᠢ ᠰᠢ ᠪᠡᠶᠡᠷ ᠤᠨ ᠦᠭᠡ | ᠬᠡᠯᠡᠪᠡ᠃ ᠳᠠᠷᠠᠭ᠎ᠠ ᠨᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠭᠡᠯᠳᠡᠰ ᠤᠨ | ᠤᠳᠤᠷᠢᠳᠤᠯᠭ᠎ᠠ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠳᠤᠷᠢᠳᠤᠯᠭ᠎ᠠ᠂ ᠦᠪᠤᠷ | ᠮᠤᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠶᠢᠨ ᠤᠳᠤᠷᠢᠳᠤᠯᠭ᠎ᠠ ᠪᠠ ᠨ᠊ · ᠰᠠᠶᠢᠰᠢᠶᠠᠯᠳᠣ ᠫᠷᠤᠹᠧᠰᠰᠤᠷ ᠰᠢᠨ᠎ᠡ | ᠨᠤᠮ ᠤᠨ ᠬᠠᠳᠠᠭ ᠰᠡᠬᠦᠨ ᠨᠤᠮ ᠪᠡᠯᠡᠭᠯᠡᠵᠤ᠂ ᠨᠤᠳᠤᠭ ᠤᠨ ᠲᠦᠯᠦᠬᠡᠯᠡᠭᠴᠢ ᠨ᠊ · ᠰᠠᠶᠢᠰᠢᠶᠠᠯᠳᠣ ᠫᠷᠤᠹᠧᠰᠰᠤᠷ ᠲᠤ | ᠪᠢᠴᠢᠬᠡᠰᠣ ᠬᠦᠷᠬᠡᠵᠤ ᠪᠡᠯᠡᠭ ᠭᠠᠷᠳᠠᠭᠤᠯᠪᠠ᠃ ᠦᠪᠦᠷ ᠮᠤᠩᠭᠤᠯ ᠤᠨ ᠠᠷᠠᠳ ᠤᠨ ᠬᠡᠪᠯᠡᠯ ᠤᠨ ᠬᠤᠷᠢᠶᠠᠨ ᠤ ᠣᠯᠠᠨ | ᠤ ᠬᠡᠷᠡᠭᠯᠡᠭᠡᠨ ᠤ ᠮᠣᠩᠭᠤᠯ ᠪᠢᠴᠢᠭ ᠨᠠᠶᠢᠷᠠᠭᠤᠯᠬᠤ ᠲᠥᠪ ᠤᠨ ᠡᠷᠬᠢᠯᠡᠭᠴᠢ᠂ ᠨᠠᠶᠢᠷᠠᠭᠤᠯᠤᠨ ᠬᠢᠨᠠᠭᠴᠢ ᠴᠠᠩ ᠰᠦᠸᠧ | ᠂ ᠦᠪᠦᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠪᠯᠡᠯ ᠤᠨ ᠬᠤᠷᠢᠶᠠᠨ ᠤ ᠳᠠᠷᠤᠭ᠎ᠠ | ᠪᠠᠲᠤᠪᠠᠶᠠᠷ᠂ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤᠨ ᠤ ᠳᠠᠷᠤᠭ᠎ᠠ ᠬᠤᠪᠢᠰᠬᠠᠯᠲᠤ᠂ ᠦᠪᠦᠷ | ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠡᠭᠡᠳᠦ ᠰᠤᠷᠭᠠᠭᠤᠯᠢ ᠶᠢᠨ ᠠᠬᠠᠮᠠᠳ | ᠫᠷᠤᠹᠧᠰᠰᠤᠷ ᠤᠨ ᠲᠦᠯᠦᠭᠡᠯᠡᠭᠴᠢ ᠬᠠᠷᠠᠬᠦᠦ᠂ ᠤᠯᠠᠭᠠᠨᠬᠠᠳᠠ ᠬᠤᠲᠠ ᠶᠢᠨ ᠮᠤᠩᠭᠤᠯ ᠦᠨᠳᠦᠰᠦᠲᠡᠨ ᠤ ᠲᠤᠮᠳᠠᠳᠤ | ᠰᠤᠷᠭᠠᠭᠤᠯᠢ ᠶᠢᠨ ᠵᠠᠬᠢᠷᠤᠯ ᠪᠠᠲᠤᠵᠢᠷᠭᠠᠯ ᠪᠠ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ | ᠤ ᠨᠢᠭᠡᠳᠦᠭᠡᠷ ᠮᠣᠩᠭᠤᠯ ᠪᠠᠭ᠎ᠠ ᠰᠤᠷᠭᠠᠭᠤᠯᠢ ᠶᠢᠨ ᠵᠠᠬᠢᠷᠤᠯ ᠬᠠᠰᠠᠠᠭᠤᠯᠠ ᠲᠤᠰ ᠲᠤᠰ ᠦᠭᠡ ᠬᠡᠯᠡᠪᠡ᠃ | ᠰᠤᠳᠤᠯᠤᠨ ᠶᠠᠷᠢᠯᠴᠠᠬᠤ ᠬᠤᠷᠠᠯ ᠳᠤ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠴ᠊ · ᠵᠢᠷᠭᠠᠯ ᠫᠷᠤᠹᠧᠰᠰᠤᠷ᠂ | ᠬᠠᠶᠢᠷᠬᠠᠨ ᠫᠷᠤᠹᠧᠰᠰᠤᠷ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠠᠭᠠᠷ ᠫᠷᠤᠹᠧᠰᠰᠤᠷ᠂ ᠨᠠ᠊ · | ᠦᠯᠵᠡᠶᠢᠳᠡᠯᠭᠡᠷ ᠫᠷᠤᠹᠧᠰᠰᠤᠷ᠂ ᠪᠠᠶᠠᠰᠬᠤᠯᠠᠩ ᠫᠷᠤᠹᠧᠰᠰᠤᠷ᠂ ᠣᠴᠢ ᠫᠷᠤᠹᠧᠰᠰᠤᠷ᠂ ᠦᠪᠦᠷ ᠮᠤᠩᠭᠤᠯ ᠤᠨ | ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠥᠬᠡᠴᠢᠯᠠᠭᠤ ᠰᠤᠳᠤᠯᠤᠭᠴᠢ᠂ ᠤᠯᠠᠭᠠᠨᠬᠠᠳᠠ ᠬᠤᠲᠠ ᠶᠢᠨ | ᠪᠠᠭᠠᠷᠢᠨ ᠪᠠᠷᠠᠭᠤᠨ ᠬᠤᠰᠢᠭᠤᠨ ᠤ ︽ᠭᠡᠰᠡᠷ︾ ᠰᠣᠶᠣᠯ ᠤᠨ ᠨᠡᠶᠢᠭᠡᠮᠯᠢᠭ ᠤᠨ ᠮᠥᠩᠬᠡᠵᠢᠷᠭᠠᠯ ᠵᠡᠷᠭᠡ ᠬᠦᠮᠦᠰ ᠨ᠊ · | ᠰᠠᠶᠢᠰᠢᠶᠠᠯᠲᠤ ᠫᠷᠤᠹᠧᠰᠰᠤᠷ ᠤᠨ ᠲᠤᠤᠯᠢ ᠰᠤᠳᠤᠯᠤᠯ᠂ ᠤᠷᠠᠨ ᠵᠤᠬᠢᠶᠠᠯ ᠤᠨ ᠤᠨᠤᠯ ᠰᠢᠭᠦᠮᠵᠢ᠂ ᠰᠢᠯᠦᠭ ᠵᠣᠬᠢᠶᠠᠯ᠂ | ᠠᠷᠠᠳ ᠤᠨ ᠠᠮᠠᠨ ᠵᠣᠬᠢᠶᠠᠯ ᠠᠴᠠ ᠰᠤᠷᠤᠯᠴᠠᠭᠰᠠᠨ ᠦᠯᠢᠭᠡᠷ ᠵᠢᠱᠢᠶ᠎ᠡ᠂ ᠫᠠᠵᠠᠢ ᠬᠤᠭᠤᠷᠴᠢ ᠯᠤᠭ᠎ᠠ ᠶᠢᠨ | ᠬᠠᠷᠢᠴᠠᠭ᠎ᠠ ᠬᠠᠮᠵᠢᠯᠴᠠᠭ᠎ᠠ᠂ ᠨ᠊ · ᠰᠠᠶᠢᠰᠢᠶᠠᠯᠲᠤ ᠪᠠ ᠪᠠᠭᠠᠷᠢᠨ ᠤ ᠲᠡᠦᠬᠡ ᠰᠤᠶᠤᠯ ᠤᠨ ᠰᠤᠷᠪᠤᠯᠵᠢ ᠪᠢᠴᠢᠭ ᠤᠨ | ᠲᠤᠬᠠᠢ ᠢᠯᠡᠳᠭᠡᠯ ᠬᠢᠵᠡᠢ᠃ | ᠬᠠᠭᠠᠯᠲᠠ ᠶᠢᠨ ᠶᠤᠰᠤᠯᠠᠯ ᠳᠤ ᠠᠯᠳᠠᠷᠲᠤ ᠰᠢᠯᠦᠭᠴᠢ᠂ ᠨᠡᠷᠡᠳᠣ ᠡᠷᠳᠡᠮᠳᠡᠨ᠂ ᠠᠬᠠᠮᠠᠳ ᠫᠷᠤᠹᠧᠰᠰᠤᠷ ᠨ᠊ · | ᠰᠠᠶᠢᠰᠢᠶᠠᠯᠲᠤ ᠫᠷᠤᠹᠧᠰᠰᠤᠷ ᠲᠠᠯᠠᠷᠬᠠᠯ ᠤᠨ ᠦᠭᠡ ᠬᠡᠯᠡᠵᠦ᠂ ᠮᠣᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠶᠢᠨ | ᠨᠠᠮ ᠤᠨ ᠶᠡᠷᠦᠩᠬᠡᠢ ᠡᠭᠦᠷ ᠤᠨ ᠱᠦᠵᠢ ᠪᠠᠢ ᠪᠣᠣ ᠴᠧᠩ ᠬᠤᠷᠠᠯ ᠤᠨ ᠳ᠋ᠦᠩᠨᠡᠯᠲᠡ ᠬᠢᠪᠡ᠃ ᠲᠡᠷᠡᠪᠡᠷ ᠲᠤᠰ ᠬᠤᠷᠠᠯ | ᠳᠤ ᠨ᠊ · ᠰᠠᠶᠢᠰᠢᠶᠠᠯᠲᠤ ᠫᠷᠤᠹᠧᠰᠰᠤᠷ ᠤᠨ ᠬᠡᠳᠦᠨ ᠠᠷᠪᠠᠨ ᠵᠢᠯ ᠤᠨ ᠲᠤᠷᠰᠢᠬᠢ ᠬᠢᠴᠢᠶᠡᠯ ᠬᠥᠮᠥᠵᠢᠯ᠂ ᠵᠣᠬᠢᠶᠠᠨ | ᠪᠦᠲᠦᠭᠡᠯᠭᠡ᠂ ᠡᠷᠳᠡᠮ ᠰᠢᠨᠵᠢᠯᠡᠭᠡᠨ ᠤ ᠠᠵᠢᠯ ᠳᠠᠬᠢ ᠭᠢᠯᠠᠯᠵᠠᠭᠰᠠᠨ ᠠᠮᠵᠢᠯᠲᠠ ᠪᠠᠶᠠᠯᠢᠭ ᠲᠤᠷᠰᠢᠯᠭ᠎ᠠ ᠶᠢ | ᠡᠷᠭᠢᠴᠡᠭᠦᠯᠦᠨ ᠳ᠋ᠦᠩᠨᠡᠭᠰᠡᠨ ᠨᠢ ᠮᠣᠩᠭᠤᠯ ᠤᠳᠬ᠎ᠠ ᠵᠣᠬᠢᠶᠠᠯ ᠤᠨ ᠲᠤᠭᠤᠷᠪᠢᠯ ᠪᠠ ᠡᠷᠳᠡᠮ ᠰᠢᠨᠵᠢᠯᠡᠭᠡᠨ ᠤ | ᠰᠤᠳᠤᠯᠤᠯ ᠤᠨ ᠭᠦᠨᠵᠡᠭᠡᠶᠢᠷᠡᠨ ᠭᠥᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ᠃ ᠮᠥᠨ ᠴᠦ | ᠵᠠᠯᠠᠭᠤ ᠦᠶ᠎ᠡ ᠶᠢᠨ ᠬᠢᠨ ᠳᠤ ᠲᠠᠭᠠᠨ ᠰᠤᠷᠤᠯᠴᠠᠬᠤ ᠳᠠᠭᠤᠷᠢᠶᠠᠯ ᠪᠣᠯᠬᠤ ᠨᠢ ᠯᠠᠪᠲᠠᠢ ᠭᠡᠰᠡᠨ ᠪᠠᠶᠢᠨ᠎ᠠ᠃ |