︽ᠨ᠊ · ᠰᠠᠶᠢᠰᠢᠶᠠᠯᠲᠤ ᠶᠢᠨ ᠵᠣᠬᠢᠶᠠᠯ ᠤᠨ ᠲᠡᠭᠦᠪᠦᠷᠢ︾ ︵ᠠᠷᠪᠠᠨ ᠪᠣᠲᠢ︶ ᠶᠢ ᠠᠩᠬ᠎ᠠ ᠲᠠᠷᠬᠠᠭᠠᠬᠤ ᠶᠣᠰᠤᠯᠠᠯ ᠪᠣᠯᠤᠨ ᠰᠤᠳᠤᠯᠤᠨ ᠶᠠᠷᠢᠯᠴᠠᠬᠤ ᠬᠤᠷᠠᠯ ᠦᠪᠦᠷ ᠮᠣᠩᠭᠤᠯ ᠤᠨ ᠪᠠᠭᠰᠢ ᠶᠢᠨ ᠶᠡᠭᠡ ᠰᠣᠷᠭᠠᠭᠤᠯᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2019/12/24
      ︽ᠨ᠊ · ᠰᠠᠶᠢᠰᠢᠶᠠᠯᠲᠤ ᠶᠢᠨ ᠵᠣᠬᠢᠶᠠᠯ ᠤᠨ ᠲᠡᠭᠦᠪᠦᠷᠢ︾ ︵ᠠᠷᠪᠠᠨ ᠪᠣᠲᠢ︶ ᠶᠢ ᠠᠩᠬ᠎ᠠ ᠲᠠᠷᠬᠠᠭᠠᠬᠤ ᠶᠣᠰᠤᠯᠠᠯ ᠪᠣᠯᠤᠨ ᠰᠤᠳᠤᠯᠤᠨ ᠶᠠᠷᠢᠯᠴᠠᠬᠤ ᠬᠤᠷᠠᠯ 2019 ᠣᠨ ᠤ 12 ᠰᠠᠷ᠎ᠠ ᠶᠢᠨ 21 ᠤ ᠡᠳᠦᠷ ᠦᠪᠦᠷ ᠮᠣᠩᠭᠤᠯ ᠤᠨ ᠪᠠᠭᠰᠢ ᠶᠢᠨ ᠶᠡᠭᠡ ᠰᠣᠷᠭᠠᠭᠤᠯᠢ ᠳᠤ ᠶᠠᠪᠤᠭᠳᠠᠪᠠ᠃ ᠲᠤᠰ ᠤᠳᠠᠭᠠᠨ ᠤ ᠬᠤᠷᠠᠯ ᠢ ᠦᠪᠦᠷ ᠮᠣᠩᠭᠤᠯ ᠤᠨ ᠪᠠᠭᠰᠢ ᠶᠢᠨ ᠶᠡᠭᠡ ᠰᠣᠷᠭᠠᠭᠤᠯᠢ ᠭᠤᠣᠯᠯᠠᠨ ᠡᠷᠬᠢᠯᠡᠵᠦ᠂ ᠦᠪᠦᠷ ᠮᠣᠩᠭᠤᠯ ᠤᠨ ᠪᠠᠭᠰᠢ ᠶᠢᠨ ᠶᠡᠭᠡ ᠰᠣᠷᠭᠠᠭᠤᠯᠢ ᠶᠢᠨ ᠮᠣᠩᠭᠤᠯ ᠰᠣᠳᠣᠯᠣᠯ ᠤᠨ ᠳᠡᠭᠡᠳᠦ ᠰᠣᠷᠭᠠᠭᠤᠯᠢ ᠳᠠᠭᠠᠭᠠᠴᠢᠯᠠᠨ ᠡᠷᠬᠢᠯᠡᠵᠡᠢ᠃      ᠡᠨᠡᠬᠦ ᠬᠤᠷᠠᠯ ᠳᠤ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠭᠡᠯᠳᠡᠰ ᠤᠨ ᠳᠡᠳ᠋ ᠳᠠᠷᠤᠭ᠎ᠠ᠂ ᠺᠢᠨᠣ᠋ ᠶᠢᠨ ᠲᠣᠪᠴᠢᠶ᠎ᠠ ᠶᠢᠨ ᠳᠠᠷᠤᠭ᠎ᠠ ᠦᠨᠡᠨᠴᠢ᠂ ᠦᠪᠤᠷ ᠮᠤᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ ᠵᠠᠩ ᠢᠦᠢ᠂ ᠬᠥᠬᠡᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠯᠢ ᠸᠧᠨ ᠭᠧ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠸᠠᠩ ᠯᠠᠢ ᠰᠢ᠂ ᠦᠪᠤᠷ ᠮᠤᠩᠭᠤᠯ ᠤᠨ ᠵᠤᠬᠢᠶᠠᠯᠴᠢᠳ ᠤᠨ ᠡᠪᠯᠡᠯ ᠤᠨ ᠲᠡᠷᠢᠬᠦᠯᠡᠭᠴᠢ ᠲᠤᠷᠤᠨᠡᠲ᠋ᠡᠭᠷᠢ ᠵᠡᠷᠭᠡ ᠤᠳᠤᠷᠢᠳᠤᠯᠭ᠎ᠠ᠂ ᠬᠥᠬᠡᠬᠤᠲᠠ ᠳᠠᠬᠢ ᠡᠯ᠎ᠡ ᠶᠡᠭᠡ ᠲᠡᠭᠡᠳᠦ ᠰᠤᠷᠭᠠᠭᠤᠯᠢ᠂ ᠰᠤᠳᠤᠯᠭᠠᠨ ᠤ ᠪᠠᠶᠢᠭᠤᠯᠭ᠎ᠠ ᠪᠠ ᠠᠯᠪᠠᠨ ᠪᠠᠶᠢᠭᠤᠯᠭ᠎ᠠ ᠶᠢᠨ ᠡᠷᠳᠡᠮᠳᠡᠨ ᠰᠤᠳᠤᠯᠤᠭᠠᠴᠢᠳ᠂ ᠤᠯᠠᠭᠠᠨᠬᠠᠳᠠ ᠬᠤᠲᠠ ᠪᠠ ᠬᠢᠩᠭᠠᠨ ᠠᠶᠢᠮᠠᠭ ᠠᠴᠠ ᠬᠦᠷᠦᠯᠴᠡᠨ ᠢᠷᠡᠭᠰᠡᠨ ᠵᠣᠴᠢᠳ᠂ ᠨ᠊ · ᠰᠠᠶᠢᠰᠢᠶᠠᠯᠲᠤ ᠫᠷᠤᠹᠧᠰᠰᠤᠷ ᠤᠨ ᠭᠡᠷ ᠤᠨ ᠬᠦᠮᠦᠰ᠂ ᠠᠨᠳᠠ ᠨᠠᠶᠢᠵᠠ ᠪᠠ ᠰᠤᠷᠤᠭᠴᠢᠳ ᠨᠡᠶᠢᠲᠡ ᠭᠤᠷᠪᠠᠨ ᠵᠠᠭᠤᠭᠠᠳ ᠬᠦᠮᠦᠨ ᠣᠷᠤᠯᠴᠠᠵᠠᠢ᠃ ᠬᠤᠷᠠᠯ ᠤᠨ ᠨᠡᠭᠡᠭᠡᠯᠲᠡ ᠶᠢᠨ ᠶᠤᠰᠤᠯᠠᠯ᠂ ᠰᠤᠳᠤᠯᠤᠨ ᠶᠠᠷᠢᠯᠴᠠᠬᠤ ᠬᠤᠷᠠᠯ ᠪᠠ ᠬᠠᠭᠠᠯᠲᠠ ᠶᠢᠨ ᠶᠤᠰᠤᠯᠠᠯ ᠢ ᠲᠤᠰ ᠲᠤᠰ ᠮᠤᠩᠭᠤᠯ ᠰᠤᠳᠤᠯᠤᠯ ᠤᠨ ᠲᠡᠭᠡᠳᠦ ᠰᠤᠷᠭᠠᠭᠤᠯᠢ ᠶᠢᠨ ᠨᠠᠮ ᠤᠨ ᠶᠡᠷᠦᠩᠭᠡᠢ ᠡᠭᠦᠷ ᠤᠨ ᠱᠦᠵᠢ ᠪᠠᠢ ᠪᠣᠣ ᠴᠧᠩ᠂ ᠲᠡᠳ᠋ ᠵᠠᠬᠢᠷᠤᠯ ᠵᠢᠦᠢ ᠪᠤᠤ᠂ ᠮᠣᠩᠭᠤᠯ ᠬᠡᠯᠡ ᠤᠳᠬ᠎ᠠ ᠵᠣᠬᠢᠶᠠᠯ ᠤᠨ ᠰᠠᠯᠪᠤᠷᠢ ᠶᠢᠨ ᠡᠷᠬᠢᠯᠡᠭᠴᠢ ᠶᠤᠸᠠᠨ ᠴᠧᠩ ᠬᠦᠳᠦᠯᠪᠡ᠃      ᠨᠡᠭᠡᠭᠡᠯᠲᠡ ᠶᠢᠨ ᠶᠣᠰᠤᠯᠠᠯ ᠳᠤ ᠮᠤᠩᠭᠤᠯ ᠰᠤᠳᠤᠯᠤᠯ ᠤᠨ ᠲᠡᠭᠡᠳᠦ ᠰᠤᠷᠭᠠᠭᠤᠯᠢ ᠶᠢᠨ ᠨᠠᠮ ᠤᠨ ᠶᠡᠷᠦᠩᠭᠡᠢ ᠡᠭᠦᠷ ᠤᠨ ᠱᠦᠵᠢ ᠪᠠᠢ ᠪᠣᠣ ᠴᠧᠩ ᠬᠤᠷᠠᠯ  ᠳᠤ ᠰᠠᠭᠠᠲᠠᠭᠰᠠᠨ ᠬᠦᠨᠳᠦᠲᠦ ᠵᠣᠴᠢᠳ ᠢ ᠲᠠᠨᠢᠯᠴᠠᠭᠤᠯᠵᠤ᠂ ᠮᠤᠩᠭᠤᠯ ᠰᠤᠳᠤᠯᠤᠯ ᠤᠨ ᠲᠡᠭᠡᠳᠦ ᠰᠤᠷᠭᠠᠭᠤᠯᠢ ᠶᠢᠨ ᠵᠠᠬᠢᠷᠤᠯ ᠲᠤᠷᠤᠨᠠᠲ᠋ᠡᠭᠷᠢ ᠫᠷᠤᠹᠧᠰᠰᠤᠷ ᠤᠭᠲᠤᠯᠭ᠎ᠠ ᠶᠢᠨ ᠦᠭᠡ ᠬᠡᠯᠡᠵᠤ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠸᠠᠩ ᠯᠠᠢ ᠰᠢ ᠪᠡᠶᠡᠷ ᠤᠨ ᠦᠭᠡ ᠬᠡᠯᠡᠪᠡ᠃ ᠳᠠᠷᠠᠭ᠎ᠠ ᠨᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠭᠡᠯᠳᠡᠰ ᠤᠨ ᠤᠳᠤᠷᠢᠳᠤᠯᠭ᠎ᠠ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠳᠤᠷᠢᠳᠤᠯᠭ᠎ᠠ᠂ ᠦᠪᠤᠷ ᠮᠤᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠶᠢᠨ ᠤᠳᠤᠷᠢᠳᠤᠯᠭ᠎ᠠ ᠪᠠ ᠨ᠊ · ᠰᠠᠶᠢᠰᠢᠶᠠᠯᠳᠣ ᠫᠷᠤᠹᠧᠰᠰᠤᠷ ᠰᠢᠨ᠎ᠡ ᠨᠤᠮ ᠤᠨ ᠬᠠᠳᠠᠭ ᠰᠡᠬᠦᠨ ᠨᠤᠮ ᠪᠡᠯᠡᠭᠯᠡᠵᠤ᠂ ᠨᠤᠳᠤᠭ ᠤᠨ ᠲᠦᠯᠦᠬᠡᠯᠡᠭᠴᠢ ᠨ᠊ · ᠰᠠᠶᠢᠰᠢᠶᠠᠯᠳᠣ ᠫᠷᠤᠹᠧᠰᠰᠤᠷ ᠲᠤ ᠪᠢᠴᠢᠬᠡᠰᠣ ᠬᠦᠷᠬᠡᠵᠤ ᠪᠡᠯᠡᠭ ᠭᠠᠷᠳᠠᠭᠤᠯᠪᠠ᠃ ᠦᠪᠦᠷ ᠮᠤᠩᠭᠤᠯ ᠤᠨ ᠠᠷᠠᠳ ᠤᠨ ᠬᠡᠪᠯᠡᠯ ᠤᠨ ᠬᠤᠷᠢᠶᠠᠨ ᠤ ᠣᠯᠠᠨ ᠤ ᠬᠡᠷᠡᠭᠯᠡᠭᠡᠨ ᠤ ᠮᠣᠩᠭᠤᠯ ᠪᠢᠴᠢᠭ ᠨᠠᠶᠢᠷᠠᠭᠤᠯᠬᠤ ᠲᠥᠪ ᠤᠨ ᠡᠷᠬᠢᠯᠡᠭᠴᠢ᠂ ᠨᠠᠶᠢᠷᠠᠭᠤᠯᠤᠨ ᠬᠢᠨᠠᠭᠴᠢ ᠴᠠᠩ ᠰᠦᠸᠧ᠂ ᠦᠪᠦᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠪᠯᠡᠯ ᠤᠨ ᠬᠤᠷᠢᠶᠠᠨ ᠤ ᠳᠠᠷᠤᠭ᠎ᠠ ᠪᠠᠲᠤᠪᠠᠶᠠᠷ᠂ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤᠨ ᠤ ᠳᠠᠷᠤᠭ᠎ᠠ ᠬᠤᠪᠢᠰᠬᠠᠯᠲᠤ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠡᠭᠡᠳᠦ ᠰᠤᠷᠭᠠᠭᠤᠯᠢ ᠶᠢᠨ ᠠᠬᠠᠮᠠᠳ ᠫᠷᠤᠹᠧᠰᠰᠤᠷ ᠤᠨ ᠲᠦᠯᠦᠭᠡᠯᠡᠭᠴᠢ ᠬᠠᠷᠠᠬᠦᠦ᠂ ᠤᠯᠠᠭᠠᠨᠬᠠᠳᠠ ᠬᠤᠲᠠ ᠶᠢᠨ ᠮᠤᠩᠭᠤᠯ ᠦᠨᠳᠦᠰᠦᠲᠡᠨ ᠤ ᠲᠤᠮᠳᠠᠳᠤ ᠰᠤᠷᠭᠠᠭᠤᠯᠢ ᠶᠢᠨ ᠵᠠᠬᠢᠷᠤᠯ ᠪᠠᠲᠤᠵᠢᠷᠭᠠᠯ ᠪᠠ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ  ᠤ ᠨᠢᠭᠡᠳᠦᠭᠡᠷ ᠮᠣᠩᠭᠤᠯ ᠪᠠᠭ᠎ᠠ ᠰᠤᠷᠭᠠᠭᠤᠯᠢ ᠶᠢᠨ ᠵᠠᠬᠢᠷᠤᠯ ᠬᠠᠰᠠᠠᠭᠤᠯᠠ ᠲᠤᠰ ᠲᠤᠰ ᠦᠭᠡ ᠬᠡᠯᠡᠪᠡ᠃ᠰᠤᠳᠤᠯᠤᠨ ᠶᠠᠷᠢᠯᠴᠠᠬᠤ ᠬᠤᠷᠠᠯ ᠳᠤ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠴ᠊ · ᠵᠢᠷᠭᠠᠯ ᠫᠷᠤᠹᠧᠰᠰᠤᠷ᠂ ᠬᠠᠶᠢᠷᠬᠠᠨ ᠫᠷᠤᠹᠧᠰᠰᠤᠷ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠠᠭᠠᠷ ᠫᠷᠤᠹᠧᠰᠰᠤᠷ᠂ ᠨᠠ᠊ · ᠦᠯᠵᠡᠶᠢᠳᠡᠯᠭᠡᠷ ᠫᠷᠤᠹᠧᠰᠰᠤᠷ᠂ ᠪᠠᠶᠠᠰᠬᠤᠯᠠᠩ ᠫᠷᠤᠹᠧᠰᠰᠤᠷ᠂ ᠣᠴᠢ ᠫᠷᠤᠹᠧᠰᠰᠤᠷ᠂ ᠦᠪᠦᠷ ᠮᠤᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠥᠬᠡᠴᠢᠯᠠᠭᠤ ᠰᠤᠳᠤᠯᠤᠭᠴᠢ᠂ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤᠨ ᠤ ︽ᠭᠡᠰᠡᠷ︾ ᠰᠣᠶᠣᠯ ᠤᠨ ᠨᠡᠶᠢᠭᠡᠮᠯᠢᠭ ᠤᠨ ᠮᠥᠩᠬᠡᠵᠢᠷᠭᠠᠯ ᠵᠡᠷᠭᠡ ᠬᠦᠮᠦᠰ ᠨ᠊ · ᠰᠠᠶᠢᠰᠢᠶᠠᠯᠲᠤ ᠫᠷᠤᠹᠧᠰᠰᠤᠷ ᠤᠨ ᠲᠤᠤᠯᠢ ᠰᠤᠳᠤᠯᠤᠯ᠂ ᠤᠷᠠᠨ ᠵᠤᠬᠢᠶᠠᠯ ᠤᠨ ᠤᠨᠤᠯ ᠰᠢᠭᠦᠮᠵᠢ᠂ ᠰᠢᠯᠦᠭ ᠵᠣᠬᠢᠶᠠᠯ᠂ ᠠᠷᠠᠳ ᠤᠨ ᠠᠮᠠᠨ ᠵᠣᠬᠢᠶᠠᠯ ᠠᠴᠠ ᠰᠤᠷᠤᠯᠴᠠᠭᠰᠠᠨ ᠦᠯᠢᠭᠡᠷ ᠵᠢᠱᠢᠶ᠎ᠡ᠂ ᠫᠠᠵᠠᠢ ᠬᠤᠭᠤᠷᠴᠢ ᠯᠤᠭ᠎ᠠ ᠶᠢᠨ ᠬᠠᠷᠢᠴᠠᠭ᠎ᠠ ᠬᠠᠮᠵᠢᠯᠴᠠᠭ᠎ᠠ᠂ ᠨ᠊ · ᠰᠠᠶᠢᠰᠢᠶᠠᠯᠲᠤ ᠪᠠ ᠪᠠᠭᠠᠷᠢᠨ ᠤ ᠲᠡᠦᠬᠡ ᠰᠤᠶᠤᠯ ᠤᠨ ᠰᠤᠷᠪᠤᠯᠵᠢ ᠪᠢᠴᠢᠭ ᠤᠨ ᠲᠤᠬᠠᠢ ᠢᠯᠡᠳᠭᠡᠯ ᠬᠢᠵᠡᠢ᠃      ᠬᠠᠭᠠᠯᠲᠠ ᠶᠢᠨ ᠶᠤᠰᠤᠯᠠᠯ ᠳᠤ ᠠᠯᠳᠠᠷᠲᠤ ᠰᠢᠯᠦᠭᠴᠢ᠂ ᠨᠡᠷᠡᠳᠣ ᠡᠷᠳᠡᠮᠳᠡᠨ᠂ ᠠᠬᠠᠮᠠᠳ ᠫᠷᠤᠹᠧᠰᠰᠤᠷ ᠨ᠊ · ᠰᠠᠶᠢᠰᠢᠶᠠᠯᠲᠤ ᠫᠷᠤᠹᠧᠰᠰᠤᠷ ᠲᠠᠯᠠᠷᠬᠠᠯ ᠤᠨ ᠦᠭᠡ ᠬᠡᠯᠡᠵᠦ᠂ ᠮᠣᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠶᠢᠨ ᠨᠠᠮ ᠤᠨ ᠶᠡᠷᠦᠩᠬᠡᠢ ᠡᠭᠦᠷ ᠤᠨ ᠱᠦᠵᠢ ᠪᠠᠢ ᠪᠣᠣ ᠴᠧᠩ ᠬᠤᠷᠠᠯ ᠤᠨ ᠳ᠋ᠦᠩᠨᠡᠯᠲᠡ ᠬᠢᠪᠡ᠃ ᠲᠡᠷᠡᠪᠡᠷ ᠲᠤᠰ ᠬᠤᠷᠠᠯ ᠳᠤ ᠨ᠊ · ᠰᠠᠶᠢᠰᠢᠶᠠᠯᠲᠤ ᠫᠷᠤᠹᠧᠰᠰᠤᠷ ᠤᠨ ᠬᠡᠳᠦᠨ ᠠᠷᠪᠠᠨ ᠵᠢᠯ ᠤᠨ ᠲᠤᠷᠰᠢᠬᠢ ᠬᠢᠴᠢᠶᠡᠯ ᠬᠥᠮᠥᠵᠢᠯ᠂ ᠵᠣᠬᠢᠶᠠᠨ ᠪᠦᠲᠦᠭᠡᠯᠭᠡ᠂ ᠡᠷᠳᠡᠮ ᠰᠢᠨᠵᠢᠯᠡᠭᠡᠨ ᠤ ᠠᠵᠢᠯ ᠳᠠᠬᠢ ᠭᠢᠯᠠᠯᠵᠠᠭᠰᠠᠨ ᠠᠮᠵᠢᠯᠲᠠ ᠪᠠᠶᠠᠯᠢᠭ ᠲᠤᠷᠰᠢᠯᠭ᠎ᠠ ᠶᠢ ᠡᠷᠭᠢᠴᠡᠭᠦᠯᠦᠨ ᠳ᠋ᠦᠩᠨᠡᠭᠰᠡᠨ ᠨᠢ ᠮᠣᠩᠭᠤᠯ ᠤᠳᠬ᠎ᠠ ᠵᠣᠬᠢᠶᠠᠯ ᠤᠨ ᠲᠤᠭᠤᠷᠪᠢᠯ ᠪᠠ ᠡᠷᠳᠡᠮ ᠰᠢᠨᠵᠢᠯᠡᠭᠡᠨ ᠤ ᠰᠤᠳᠤᠯᠤᠯ ᠤᠨ ᠭᠦᠨᠵᠡᠭᠡᠶᠢᠷᠡᠨ ᠭᠥᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ᠃ ᠮᠥᠨ ᠴᠦ ᠵᠠᠯᠠᠭᠤ ᠦᠶ᠎ᠡ ᠶᠢᠨ ᠬᠢᠨ ᠳᠤ ᠲᠠᠭᠠᠨ ᠰᠤᠷᠤᠯᠴᠠᠬᠤ ᠳᠠᠭᠤᠷᠢᠶᠠᠯ ᠪᠣᠯᠬᠤ ᠨᠢ ᠯᠠᠪᠲᠠᠢ ᠭᠡᠰᠡᠨ ᠪᠠᠶᠢᠨ᠎ᠠ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠣ᠋ ᠰᠥᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ