ᠬᠤᠷᠢᠨᠭᠡᠷ ᠰᠢᠶᠠᠨ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠣᠯᠲᠠ ᠶᠢᠨ ᠰᠢᠯᠭᠠᠨ ᠬᠢᠨᠠᠬᠤ ᠠᠵᠢᠯ ᠤᠨ ᠪᠠᠶᠢᠷᠢᠯᠠᠭᠤᠯᠣᠯᠲᠠ ᠶᠢᠨ ᠬᠤᠷᠠᠯ ᠢ ᠡᠷᠬᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2019-12-25
     12 ᠳ᠋ᠤᠭᠠᠷ ᠰᠠᠷ᠎ᠠ ᠶᠢᠨ 19 ᠤ ᠡᠳᠦᠷ᠂ ᠬᠤᠷᠢᠨᠭᠡᠷ ᠰᠢᠶᠠᠨ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠣᠯᠲᠠ ᠶᠢᠨ ᠰᠢᠯᠭᠠᠨ ᠬᠢᠨᠠᠬᠤ ᠠᠵᠢᠯ ᠤᠨ ᠪᠠᠶᠢᠷᠢᠯᠠᠭᠤᠯᠣᠯᠲᠠ ᠶᠢᠨ ᠬᠤᠷᠠᠯ ᠢ ᠰᠢᠶᠠᠨ ᠤ ᠳᠣᠲᠣᠭᠠᠳᠣ ᠶᠢ ᠬᠠᠮᠠᠭᠠᠯᠠᠬᠤ ᠲᠣᠪᠴᠢᠶ᠎ᠠ ᠶᠢᠨ ᠬᠤᠷᠠᠯ ᠤᠨ ᠭᠡᠷ ᠲᠤ ᠡᠷᠬᠢᠯᠡᠨ ᠬᠤᠷᠠᠯᠳᠣᠭᠤᠯᠵᠤ᠂ ᠰᠢᠶᠠᠨ ᠤ ᠳᠡᠳ᠋ ᠳᠠᠷᠤᠭ᠎ᠠ᠂ ᠳᠣᠲᠣᠭᠠᠳᠣ ᠶᠢ ᠬᠠᠮᠠᠭᠠᠯᠠᠬᠤ ᠲᠣᠪᠴᠢᠶ᠎ᠠ ᠶᠢᠨ ᠲᠣᠪᠴᠢᠶᠠᠨ ᠳᠠᠷᠤᠭ᠎ᠠ ᠵᠠᠩ ᠵᠢᠶᠠᠨ ᠴᠢᠩ ᠬᠤᠷᠠᠯ ᠳᠤ ᠣᠷᠣᠯᠴᠠᠵᠣ ᠶᠠᠷᠢᠶ᠎ᠠ ᠲᠠᠯᠪᠢᠨ᠂ ᠡᠯ᠎ᠡ ᠰᠠᠯᠠᠭ᠎ᠠ ᠮᠦᠴᠢᠷ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠳ ᠪᠣᠯᠣᠨ ᠬᠤᠯᠪᠣᠭᠳᠠᠯ ᠪᠦᠬᠦᠢ ᠠᠵᠢᠯᠲᠠᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ ᠬᠤᠲᠠ ᠶᠢᠨ ᠵᠠᠰᠠᠭ ᠤᠨ ᠣᠷᠳᠣᠨ ᠤ 2019 ᠣᠨ ᠤ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠣᠯᠲᠠ ᠶᠢᠨ ᠰᠢᠯᠭᠠᠨ ᠬᠢᠨᠠᠬᠤ ᠠᠵᠢᠯ ᠤᠨ ᠵᠣᠬᠢᠴᠠᠭᠤᠯᠣᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠬᠤ ᠶᠢᠨ ᠬᠠᠮᠲᠣ 2019 ᠣᠨ ᠤ ᠪᠦᠬᠦ ᠣᠷᠣᠨ ᠤ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠣᠯᠲᠠ ᠶᠢᠨ ᠰᠢᠯᠭᠠᠨ ᠦᠨᠡᠯᠡᠬᠦ ᠭᠦᠢᠴᠡᠳᠬᠡᠯ ᠲᠤᠭ᠎ᠠ ᠵᠢᠴᠢ ᠲᠠᠭᠯᠠᠬᠤ ᠡᠭᠦᠷᠭᠡ ᠶᠢᠨ ᠠᠵᠢᠯ ᠤᠨ ᠬᠤᠪᠢᠶᠠᠷᠢᠯᠠᠯᠲᠠ ᠶᠢ ᠲᠣᠳᠣᠷᠬᠠᠶᠢᠯᠠᠪᠠ᠃      ᠬᠤᠷᠠᠯ ᠨᠢ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠣᠯᠲᠠ ᠶᠢᠨ ᠰᠢᠯᠭᠠᠨ ᠦᠨᠡᠯᠡᠬᠦ ᠶᠢᠨ ᠲᠣᠭᠤᠷᠢᠨ ᠳᠤ ᠲᠣᠬᠢᠷᠠᠭᠤᠯᠣᠯᠲᠠ ᠪᠠᠶᠢᠷᠢᠯᠠᠭᠤᠯᠣᠯᠲᠠ ᠬᠢᠵᠦ᠂ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠣᠯᠲᠠ ᠶᠢᠨ ᠰᠢᠯᠭᠠᠨ ᠬᠢᠨᠠᠬᠤ ᠳᠤ ᠲᠠᠭᠯᠠᠬᠤ ᠬᠤᠯᠪᠣᠭᠳᠠᠯ ᠪᠦᠬᠦᠢ ᠠᠵᠢᠯ ᠤᠨ ᠲᠣᠬᠠᠢ ᠠᠬᠤᠢ ᠲᠠᠯᠠᠪᠠᠢ ᠳᠤ ᠪᠣᠯᠪᠠᠰᠣᠷᠠᠭᠤᠯᠣᠯ ᠬᠢᠪᠡ᠃      ᠵᠠᠩ ᠵᠢᠶᠠᠨ ᠴᠢᠩ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠣᠯᠲᠠ ᠶᠢᠨ ᠰᠢᠯᠭᠠᠨ ᠬᠢᠨᠠᠬᠤ ᠠᠵᠢᠯ ᠢ ᠬᠡᠷᠬᠢᠨ ᠬᠢᠬᠦ ᠲᠣᠬᠠᠢ ᠱᠠᠭᠠᠷᠳᠠᠯᠠᠭ᠎ᠠ ᠳᠣᠷᠠᠳᠣᠭᠰᠠᠨ ᠨᠢ᠂ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠣᠯᠲᠠ ᠶᠢᠨ ᠠᠵᠢᠯ ᠢ ᠰᠠᠶᠢᠲᠣᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠣᠯᠣᠰ ᠲᠦᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠣᠯᠲᠠ ᠶᠢ ᠠᠬᠢᠭᠤᠯᠬᠤ ᠡᠭᠦᠷᠭᠡ ᠬᠠᠷᠢᠭᠤᠴᠠᠯᠭᠠᠲᠣ ᠰᠡᠳᠬᠢᠯᠭᠡ ᠪᠠᠨ ᠦᠨᠡᠨᠬᠦ ᠨᠡᠮᠡᠭᠳᠡᠭᠦᠯᠵᠦ᠂ ᠪᠣᠲᠠᠲᠠᠢ ᠠᠴᠠ ᠡᠭᠦᠰᠴᠦ᠂ ᠡᠭᠦᠷᠭᠡ ᠬᠠᠷᠠᠯᠲᠠ ᠪᠠᠨ ᠠᠩᠬᠠᠷᠴᠣ᠂ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠣᠯᠲᠠ ᠶᠢᠨ ᠡᠯ᠎ᠡ ᠬᠠᠷᠠᠯᠲᠠ ᠡᠭᠦᠷᠭᠡ ᠶᠢᠨ ᠨᠠᠶᠢᠳᠠᠪᠣᠷᠢᠵᠢᠭᠤᠯᠣᠭᠳᠠᠵᠣ ᠬᠡᠷᠡᠭᠵᠢᠭᠦᠯᠦᠭᠳᠡᠬᠦ ᠶᠢ ᠪᠦᠬᠦ ᠬᠦᠴᠦᠨ ᠢᠶᠠᠷ ᠰᠠᠶᠢᠲᠣᠷ ᠠᠳᠬᠤᠬᠤ ᠬᠡᠷᠡᠭᠲᠡᠢ᠃ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠣᠯᠲᠠ ᠶᠢᠨ ᠡᠯ᠎ᠡ ᠬᠠᠷᠠᠯᠲᠠ ᠡᠭᠦᠷᠭᠡ ᠶᠢᠨ ᠨᠠᠶᠢᠳᠠᠪᠣᠷᠢᠵᠢᠭᠤᠯᠣᠭᠳᠠᠬᠤ ᠶᠢ ᠦᠨᠡᠨᠬᠦ ᠰᠠᠶᠢᠲᠣᠷ ᠠᠳᠬᠤᠵᠣ᠂ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠣᠯᠲᠠ ᠶᠢᠨ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠬᠤ ᠶᠢ ᠳᠣᠪᠣᠶᠢᠮ᠎ᠠ ᠪᠠᠶᠢᠷᠢᠨ ᠳᠤ ᠲᠠᠯᠪᠢᠵᠤ᠂ ᠰᠠᠨᠠᠭᠠᠴᠢᠯᠠᠭ᠎ᠠ ᠠᠴᠠ ᠪᠠᠨ ᠬᠢᠵᠦ᠂ ᠬᠠᠷᠢᠭᠤᠴᠠᠯᠭ᠎ᠠ ᠪᠠᠨ ᠡᠭᠦᠷᠭᠡᠯᠡᠵᠦ᠂ ᠬᠦᠴᠦ ᠪᠠᠨ ᠬᠠᠮᠳᠣᠳᠬᠠᠵᠣ᠂ ᠣᠯᠠᠨ ᠢᠶᠠᠷ ᠢᠶᠠᠨ ᠣᠶᠣᠨ ᠴᠢᠳᠠᠯ ᠢᠶᠠᠨ ᠪᠠᠳᠠᠷᠠᠭᠤᠯᠣᠨ᠂ ᠪᠠᠶᠢᠭᠤᠯᠭ᠎ᠠ ᠶᠢᠨ ᠭᠤᠣᠯ ᠬᠠᠷᠢᠭᠤᠴᠠᠯᠭᠠᠲᠠᠨ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠣᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠪᠡᠶᠡᠯᠡᠭᠦᠯᠵᠦ᠂ ᠬᠠᠷᠢᠭᠤᠴᠠᠬᠤ ᠣᠳᠣᠷᠢᠳᠣᠯᠭ᠎ᠠ᠂ ᠰᠠᠯᠠᠭ᠎ᠠ ᠮᠦᠴᠢᠷ᠂ ᠬᠠᠷᠢᠭᠤᠴᠠᠯᠭᠠᠲᠠᠨ ᠪᠣᠯᠣᠨ ᠳᠠᠭᠤᠰᠬᠠᠬᠤ ᠴᠠᠭ ᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠪᠣᠲᠠᠲᠠᠶᠢᠵᠢᠭᠤᠯᠣᠨ᠂ ᠮᠠᠨ ᠤ ᠰᠢᠶᠠᠨ ᠤ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠣᠯᠲᠠ ᠶᠢᠨ ᠠᠵᠢᠯ ᠤᠨ ᠣᠷᠣᠭᠰᠢᠲᠠᠢ ᠶᠠᠪᠣᠭᠳᠠᠬᠤ ᠶᠢ ᠪᠠᠲᠣᠯᠠᠬᠤ ᠬᠡᠷᠡᠭᠲᠡᠢ᠃ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠣᠯᠲᠠ ᠶᠢᠨ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢᠨ ᠲᠠᠭᠯᠠᠬᠤ ᠠᠵᠢᠯ ᠢ ᠬᠢᠨᠠᠮᠠᠭᠠᠢ ᠰᠠᠶᠢᠲᠣᠷ ᠬᠢᠵᠦ᠂ ᠡᠯ᠎ᠡ ᠪᠠᠶᠢᠭᠤᠯᠭ᠎ᠠ ᠨᠢᠭᠡᠴᠡ ᠵᠠᠪᠠᠯ ᠪᠦᠬᠦ ᠰᠢᠶᠠᠨ ᠤ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠣᠯᠲᠠ ᠶᠢ ᠳᠡᠭᠡᠳᠦ ᠬᠡᠮᠵᠢᠶ᠎ᠡ ᠪᠠᠷ ᠬᠠᠷᠢᠭᠤᠴᠠᠬᠤ ᠠᠪᠣᠷᠢ ᠪᠠᠷ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠲᠣᠰᠬᠠᠢ ᠠᠵᠢᠯᠲᠠᠨ ᠲᠣᠮᠢᠯᠠᠵᠣ ᠬᠠᠷᠢᠭᠤᠴᠠᠭᠤᠯᠣᠨ᠂ ︽2019 ᠣᠨ ᠤ ᠥᠪᠡᠷᠲᠡᠭᠡᠨ ᠵᠠᠰᠠᠬᠤ ᠣᠷᠣᠨ ᠤ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠣᠯᠲᠠ ᠶᠢᠨ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠲᠠᠭᠯᠠᠬᠤ ᠡᠭᠦᠷᠭᠡ ᠶᠢᠨ ᠬᠤᠪᠢᠶᠠᠷᠢᠯᠠᠯᠲᠠ ᠶᠢᠨ ᠬᠦᠰᠦᠨᠦᠭᠲᠦ︾ ᠶᠢᠨ ᠡᠭᠦᠷᠭᠡ ᠶᠢᠨ ᠬᠤᠪᠢᠶᠠᠷᠢᠯᠠᠯᠲᠠ ᠶᠢ ᠯᠠᠪᠯᠠᠵᠤ᠂ ᠠᠵᠢᠯ ᠢ ᠨᠣᠲᠠᠯᠠᠭᠰᠠᠨ ᠮᠠᠲ᠋ᠧᠷᠢᠶᠠᠯ ᠢ ᠬᠢᠨᠠᠮᠠᠭᠠᠢ ᠴᠣᠭᠯᠠᠭᠤᠯᠣᠨ ᠡᠮᠬᠢᠳᠬᠡᠬᠦ ᠶᠢᠨ ᠬᠠᠮᠲᠣ ᠡᠨᠡ ᠤᠳᠠᠭᠠᠨ ᠤ ᠰᠢᠯᠭᠠᠨ ᠦᠨᠡᠯᠡᠬᠦ ᠠᠵᠢᠯ ᠢᠶᠠᠷ ᠲᠣᠬᠢᠶᠠᠯ ᠪᠣᠯᠭᠠᠨ᠂ ᠮᠠᠨ ᠤ ᠰᠢᠶᠠᠨ ᠤ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠣᠯᠲᠠ ᠶᠢᠨ ᠳᠣᠲᠠᠭᠤᠳᠠᠯ ᠢ ᠨᠦᠬᠦᠪᠦᠷᠢᠯᠡᠵᠦ᠂ 2020 ᠣᠨ ᠳᠤ ᠬᠠᠣᠯᠢ ᠪᠠᠷ ᠵᠠᠰᠠᠭᠰᠠᠨ ᠵᠠᠰᠠᠭ ᠤᠨ ᠣᠷᠳᠣᠨ ᠢ ᠦᠨᠳᠦᠰᠦᠨ ᠳᠤ ᠪᠠᠨ ᠪᠠᠶᠢᠭᠤᠯᠬᠤ ᠶᠡᠷᠦᠩᠬᠡᠢ ᠬᠠᠷᠠᠯᠲᠠ ᠶᠢ ᠪᠡᠶᠡᠯᠡᠭᠦᠯᠬᠦ ᠶᠢ ᠪᠠᠲᠣᠯᠠᠬᠤ ᠬᠡᠷᠡᠭᠲᠡᠢ ᠭᠡᠵᠡᠢ᠃      ᠬᠤᠷᠠᠯ ᠳᠡᠭᠡᠷ᠎ᠡ᠂ ᠰᠢᠶᠠᠨ ᠤ ᠬᠠᠣᠯᠢ ᠴᠠᠭᠠᠵᠠ ᠶᠢᠨ ᠲᠣᠪᠴᠢᠶ᠎ᠠ ᠶᠢᠨ ᠠᠵᠢᠯᠲᠠᠨ ᠠᠴᠠ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠣᠯᠲᠠ ᠶᠢᠨ ᠣᠶᠣᠨᠲᠣ ᠨᠢᠭᠡ ᠴᠣᠭᠴᠠᠵᠢᠭᠰᠠᠨ ᠲᠠᠪᠴᠠᠩ ᠳᠤ ᠬᠡᠷᠬᠢᠨ ᠭᠠᠷᠴᠣ ᠲᠠᠭᠯᠠᠬᠤ ᠵᠡᠷᠭᠡ ᠠᠵᠢᠯ ᠤᠨ ᠲᠣᠬᠠᠢ ᠬᠤᠷᠠᠯ ᠳᠡᠭᠡᠷᠡᠬᠢ ᠬᠦᠮᠦᠰ ᠲᠤ ᠠᠬᠤᠢ ᠲᠠᠯᠠᠪᠠᠢ ᠶᠢᠨ ᠪᠣᠯᠪᠠᠰᠣᠷᠠᠭᠤᠯᠣᠯ ᠬᠢᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号