| | | | | 12 ᠳ᠋ᠤᠭᠠᠷ ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠳᠡᠳ᠋ ᠳᠠᠷᠤᠭ᠎ᠠ᠂ | ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠶᠦᠨ ᠰᠢᠨ ᠮᠢᠩ ᠣᠷᠣᠨ ᠤ ᠨᠠᠮ ᠤᠨ | ᠬᠤᠷᠢᠶ᠎ᠠ ᠶᠢᠨ ᠵᠥᠪᠯᠡᠯᠭᠡᠨ ᠤ ᠴᠡᠷᠢᠭ ᠤᠨ ᠬᠤᠷᠠᠯ ᠵᠢᠴᠢ ᠪᠠᠯᠭᠠᠰᠤ᠂ ᠵᠡᠭᠡᠯᠢ ᠭᠤᠳᠤᠮᠵᠢ ᠶᠢᠨ ᠨᠠᠮ ᠤᠨ ︵ | ᠠᠵᠢᠯᠯᠠᠬᠤ︶ ᠬᠤᠷᠢᠶ᠎ᠠ ᠶᠢᠨ ᠱᠦᠵᠢ᠂ ᠨᠠᠮ ᠠᠴᠠ ᠵᠡᠪᠰᠡᠭᠲᠦ ᠬᠦᠴᠦᠨ ᠤ ᠠᠵᠢᠯ ᠢ ᠬᠠᠮᠢᠶᠠᠷᠬᠤ ᠲᠤᠰᠢᠶᠠᠯ ᠤᠨ | ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠤ᠂ ᠰᠢᠨ᠎ᠡ ᠬᠤᠲᠠ ᠲᠣᠭᠤᠷᠢᠭ ᠤᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠪᠣᠯᠤᠨ | ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠵᠡᠷᠭᠡ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ | ᠪᠣᠯᠤᠨ ᠠᠰᠠᠭᠤᠳᠠᠯ ᠢ ᠲᠥᠪᠯᠡᠷᠡᠭᠦᠯᠦᠨ ᠰᠤᠳᠤᠯᠤᠨ ᠰᠢᠢᠳᠪᠦᠷᠢᠯᠡᠪᠡ᠃ | ᠬᠤᠷᠠᠯ ᠠᠴᠠ ᠴᠢᠩᠭᠢᠰ ᠬᠠᠭᠠᠨ ᠶᠡᠭᠡ ᠵᠡᠭᠡᠯᠢ ᠶᠢᠨ ᠵᠡᠭᠡᠯᠢ ᠭᠤᠳᠤᠮᠵᠢ᠂ ᠵᠦᠩ ᠱᠠᠨ ᠵᠡᠭᠦᠨ ᠵᠠᠮ ᠤᠨ ᠵᠡᠭᠡᠯᠢ | ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠶᠢᠨ ᠨᠠᠮ ᠠᠴᠠ ᠵᠡᠪᠰᠡᠭᠲᠦ ᠬᠦᠴᠦᠨ ᠤ ᠠᠵᠢᠯ ᠢ | ᠬᠠᠮᠢᠶᠠᠷᠬᠤ ᠲᠤᠰᠢᠶᠠᠯ ᠤᠨ ᠮᠡᠳᠡᠭᠦᠯᠦᠯᠲᠡ ᠶᠢ ᠰᠣᠨᠣᠰᠴᠤ᠂ ᠰᠢᠨ᠎ᠡ ᠬᠤᠲᠠ ᠲᠣᠭᠤᠷᠢᠭ ᠤᠨ ᠠᠷᠠᠳ ᠤᠨ ᠵᠡᠪᠰᠡᠭᠲᠦ | ᠬᠦᠴᠦᠨ ᠤ ᠬᠡᠯᠲᠡᠰ ᠤᠨ ᠳᠠᠷᠤᠭ᠎ᠠ ᠮᠤᠩ ᠱᠣ᠋ ᠲᠤᠤ ᠨᠢᠭᠡ ᠵᠢᠯ ᠤᠨ ᠲᠤᠷᠰᠢᠬᠢ ᠵᠡᠪᠰᠡᠭᠲᠦ ᠬᠦᠴᠦᠨ ᠤ ᠠᠵᠢᠯ ᠢ | ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠢᠷᠡᠬᠦ ᠵᠢᠯ ᠤᠨ ᠠᠵᠢᠯ ᠤᠨ ᠲᠥᠯᠥᠪᠯᠡᠭᠡ ᠳᠡᠭᠡᠨ ᠠᠵᠢᠯ ᠤᠨ | ᠮᠡᠳᠡᠭᠦᠯᠦᠯᠲᠡ ᠬᠢᠵᠦ᠂ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ | ᠬᠦᠴᠦᠨ ᠤ ᠬᠡᠯᠲᠡᠰ ᠤᠨ ᠺᠣᠮᠢᠰᠰᠠᠷ ᠷᠧᠨ ᠳ᠋ᠦᠩ ᠳ᠋ᠦᠩ ᠬᠤᠷᠠᠯ ᠳᠤ ᠵᠡᠪᠰᠡᠭᠲᠦ ᠬᠦᠴᠦᠨ ᠤ ᠠᠵᠢᠯ ᠤᠨ | ᠬᠦᠴᠢᠷᠳᠡᠯ ᠪᠣᠯᠤᠨ ᠠᠰᠠᠭᠤᠳᠠᠯ ᠢᠶᠠᠨ ᠲᠤᠰᠢᠶᠠᠭᠰᠠᠨ ᠪᠥᠭᠡᠳ ᠬᠠᠮᠲᠤ ᠪᠠᠷ ᠰᠤᠳᠤᠯᠤᠨ ᠶᠠᠷᠢᠯᠴᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠰᠢᠨ᠎ᠡ | ᠬᠤᠲᠠ ᠶᠢᠨ ᠲᠣᠭᠤᠷᠢᠭ ᠤᠨ ᠪᠠᠶᠢᠳᠠᠯ ᠳᠤ ᠰᠠᠭᠤᠷᠢᠯᠠᠵᠤ᠂ ᠬᠤᠶᠠᠷ ᠢ ᠬᠦᠷᠢᠶᠡᠯᠡᠬᠦ ᠠᠵᠢᠯ ᠢ ᠭᠤᠤᠯᠳᠠᠯᠭ᠎ᠠ ᠲᠠᠢ | ᠰᠠᠶᠢᠲᠤᠷ ᠠᠳᠬᠤᠵᠤ᠂ ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠡᠷᠢᠭ | ᠬᠥᠮᠦᠨ ᠴᠡᠷᠢᠭ ᠤᠨ ᠭᠡᠷ ᠪᠦᠯᠢ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠴᠡᠷᠢᠭ | ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠭᠦᠨᠵᠡᠭᠡᠶ ᠠᠬᠢᠭᠤᠯᠬᠤ ᠬᠡᠷᠡᠭᠲᠡᠶ︔ ᠦᠨᠳᠦᠰᠦᠨ | ᠱᠠᠲᠤᠨ ᠤ ᠵᠡᠪᠰᠡᠭᠲᠦ ᠬᠦᠴᠦᠨ ᠤ ᠬᠡᠯᠲᠡᠰ ᠤᠨ ᠵᠢᠩᠬᠢᠨᠢᠴᠢᠯᠡᠬᠦ ᠪᠠᠶᠢᠭᠤᠯᠤᠯᠲᠠ ᠶᠢ ᠲᠥᠪᠯᠡᠷᠡᠭᠦᠯᠦᠨ ᠰᠠᠶᠢᠲᠤᠷ | ᠠᠳᠬᠤᠵᠤ ᠬᠡᠷᠡᠭᠲᠡᠢ︔ ᠡᠷᠦᠬᠡ ᠶᠢᠨ ᠴᠡᠷᠢᠭ ᠢ ᠲᠤᠬᠢᠷᠠᠭᠤᠯᠤᠨ ᠥᠭᠡᠷᠡᠴᠢᠯᠡᠬᠦ ᠠᠵᠢᠯ ᠢ ᠭᠤᠤᠯᠳᠠᠯᠭ᠎ᠠ ᠲᠠᠢ | ᠰᠠᠶᠢᠲᠤᠷ ᠠᠳᠬᠤᠵᠤ᠂ ᠨᠢᠭᠡᠨ ᠰᠠᠯᠠᠭ᠎ᠠ ᠰᠠᠶᠢᠨ ᠡᠷᠦᠬᠡ ᠶᠢᠨ ᠴᠡᠷᠢᠭ ᠤᠨ ᠡᠩᠨᠡᠭᠡ ᠶᠢ ᠪᠠᠶᠢᠭᠤᠯᠬᠤ ᠶᠢ ᠦᠨᠡᠨ ᠬᠦ | ᠪᠠᠲᠤᠯᠠᠬᠤ ᠬᠡᠷᠡᠭᠲᠡᠶ︔ ᠣᠶᠤᠲᠠᠨ ᠠᠴᠠ ᠴᠡᠷᠢᠭ ᠡᠯᠰᠡᠬᠦ ᠠᠵᠢᠯ ᠢ ᠳᠤᠪᠤᠶᠢᠮ᠎ᠠ ᠰᠠᠶᠢᠲᠤᠷ ᠠᠳᠬᠤᠵᠤ᠂ | ᠤᠶᠤᠲᠠᠳ ᠤᠨ ᠴᠡᠷᠢᠭ ᠲᠤ ᠣᠷᠣᠵᠤ ᠤᠯᠤᠰ ᠳᠤ ᠪᠠᠨ ᠵᠢᠳᠬᠦᠬᠦ ᠬᠠᠯᠠᠭᠤᠨ ᠰᠡᠳᠬᠢᠯᠭᠡ ᠶᠢ ᠭᠦᠢᠴᠡᠳ ᠬᠥᠭᠵᠢᠭᠡᠬᠦ | ᠬᠡᠷᠡᠭᠲᠡᠶ ᠭᠡᠪᠡ᠃ | | | | | | ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠣᠭᠤᠷᠢᠭ ᠤᠨ | ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠤᠷᠳᠤᠨ᠂ ᠲᠣᠭᠤᠷᠢᠭ ᠤᠨ ᠬᠠᠷᠢᠶ᠎ᠠ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠪᠤᠷᠤᠬᠤᠰᠢᠭᠤ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠡᠯ᠎ᠡ | ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠬᠤᠷᠠᠯ ᠳᠤ ᠣᠷᠣᠯᠴᠠᠪᠠ᠃ |