ᠬᠦᠬᠡᠬᠤᠲᠠ ᠶᠢᠨ ᠭᠠᠵᠠᠷ ᠳᠣᠤᠷᠠᠬᠢ ᠲᠡᠮᠦᠷ ᠵᠠᠮ ᠤᠨ ᠨᠢᠭᠡᠳᠦᠭᠡᠷ ᠱᠤᠭᠤᠮ ᠡᠬᠢᠨ ᠤ ᠬᠤᠭᠤᠴᠠᠭᠠᠨ ᠤ ᠡᠵᠡᠩᠨᠡᠯᠲᠡ ᠠᠴᠠ ᠡᠮᠦᠨᠡᠬᠢ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠪᠡ
ᠨᠡᠶᠢᠲᠡᠯᠡᠭᠰᠡᠨ ᠴᠠᠭ᠄
2019-12-25
   ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠦᠷᠳᠡᠭᠦᠯᠦᠯ ᠢ ᠡᠰᠡᠷᠭᠦᠴᠡᠬᠦ ᠠᠵᠢᠯ ᠤᠨ ᠠᠯᠪᠠᠨ ᠭᠡᠷ᠂ ᠬᠤᠲᠠ ᠶᠢᠨ ᠰᠦᠷᠳᠡᠭᠦᠯᠦᠯ ᠢ ᠡᠰᠡᠷᠭᠦᠴᠡᠬᠦ ᠠᠵᠢᠯ ᠤᠨ ᠠᠯᠪᠠᠨ ᠭᠡᠷ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠵᠢᠮᠳᠤ ᠵᠠᠮ ᠬᠠᠷᠢᠯᠴᠠᠭᠠᠨ ᠤ ᠺᠣᠮᠫᠠᠨᠢ ᠵᠢᠴᠢ ᠭᠠᠵᠠᠷ ᠳᠣᠤᠷᠠᠬᠢ ᠲᠡᠮᠦᠷ ᠵᠠᠮ ᠤᠨ ᠡᠵᠡᠩᠨᠡᠯᠲᠡ ᠶᠢᠨ ᠺᠣᠮᠫᠠᠨᠢ ᠬᠠᠮᠲᠤᠷᠠᠨ ᠬᠦᠬᠡᠬᠤᠲᠠ ᠶᠢᠨ ᠭᠠᠵᠠᠷ ᠳᠣᠤᠷᠠᠬᠢ ᠲᠡᠮᠦᠷ ᠵᠠᠮ ᠤᠨ ᠨᠢᠭᠡᠳᠦᠭᠡᠷ ᠱᠤᠭᠤᠮ ᠤᠨ ᠡᠬᠢᠨ ᠤ ᠬᠤᠭᠤᠴᠠᠭᠠᠨ ᠤ ᠡᠵᠡᠩᠨᠡᠯᠲᠡ ᠠᠴᠠ ᠡᠮᠦᠨᠡᠬᠢ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶᠢᠯᠡᠭᠰᠡᠨ ᠰᠣᠷᠢᠯᠲᠠ ᠶᠢ ᠵᠣᠬᠢᠶᠠᠨ ᠪᠠᠶᠢᠭᠤᠯᠪᠠ᠃ ᠲᠤᠬᠠᠶ ᠶᠢᠨ ᠲᠠᠯᠠᠪᠠᠢ ᠳᠤ ᠡᠮ ᠡᠮᠨᠡᠯᠭᠡ ᠶᠢᠨ ᠠᠪᠤᠷᠠᠨ ᠲᠤᠰᠠᠯᠠᠬᠤ ᠲᠤᠭᠤᠶᠢᠯᠠᠩ᠂ ᠲᠤᠬᠠᠶ ᠶᠢᠨ ᠲᠠᠯᠠᠪᠠᠢ ᠶᠢᠨ ᠪᠠᠲᠤᠯᠠᠭ᠎ᠠ ᠶᠢᠨ ᠲᠤᠭᠤᠶᠢᠯᠠᠩ᠂ ᠠᠮᠤᠷ ᠢ ᠬᠠᠮᠠᠭᠠᠯᠠᠵᠤ ᠳᠡᠯᠪᠡᠷᠡᠯᠲᠡ ᠶᠢ ᠰᠡᠷᠭᠡᠶᠢᠯᠡᠬᠦ ᠲᠤᠭᠤᠶᠢᠯᠠᠩ᠂ ᠠᠶᠤᠯᠬᠦᠢ ᠶᠢ ᠪᠠᠶᠢᠴᠠᠭᠠᠨ ᠰᠢᠢᠳᠪᠦᠷᠢᠯᠡᠬᠦ ᠲᠤᠭᠤᠶᠢᠯᠠᠩ ᠵᠡᠷᠭᠡ 10 ᠲᠤᠭᠤᠶᠢᠯᠠᠩ ᠬᠤᠪᠢᠶᠠᠵᠤ ᠰᠣᠷᠢᠯᠲᠠ ᠬᠢᠵᠡᠶ᠃      ᠲᠣᠰ ᠤᠳᠠᠭᠠᠨ ᠤ ᠰᠣᠷᠢᠯᠲᠠ ᠳᠤ ᠭᠠᠵᠠᠷ ᠳᠣᠤᠷᠠᠬᠢ ᠲᠡᠮᠦᠷ ᠵᠠᠮ ᠤᠨ ᠨᠢᠭᠡᠳᠦᠭᠡᠷ ᠱᠤᠭᠤᠮ ᠤᠨ  ᠬᠤᠶᠢᠳᠤ ᠪᠤᠲᠠᠴᠢ ᠥᠷᠲᠡᠭᠡ ᠳᠤ ᠭᠡᠨᠡᠳᠲᠡ ᠬᠦᠴᠦᠷᠬᠡᠭᠯᠡᠯ ᠰᠦᠷᠳᠡᠭᠦᠯᠦᠯ ᠤᠨ ᠳᠠᠭᠠᠷᠢᠯᠳᠠ ᠶᠢᠨ ᠬᠡᠷᠡᠭ ᠭᠠᠷᠴᠤ᠂ ᠥᠷᠲᠡᠭᠡᠨ ᠤ ᠲᠡᠩᠬᠢᠮ ᠲᠡᠯᠪᠡᠷᠡᠵᠦ ᠭᠠᠯ ᠭᠠᠷᠤᠭᠰᠠᠨ ᠢᠶᠠᠷ ᠠᠷᠤ ᠦᠵᠡᠭᠳᠡᠯ ᠪᠣᠯᠭᠠᠵᠤ᠂ ᠲᠥᠰᠦᠯ ᠢ ᠡᠬᠢᠯᠡᠭᠦᠯᠬᠦ ᠠᠴᠠ ᠲᠤᠬᠠᠶ ᠶᠢᠨ ᠲᠠᠯᠠᠪᠤᠷ ᠲᠤ ᠰᠢᠢᠳᠪᠦᠷᠢᠯᠡᠬᠦ ᠬᠦᠷᠲᠡᠯ᠎ᠡ ᠪᠥᠬᠦ ᠶᠠᠪᠤᠴᠠ ᠶᠢᠨ ᠰᠣᠷᠢᠯᠲᠠ ᠬᠢᠵᠡᠶ᠃ ᠰᠣᠷᠢᠯᠲᠠ ᠨᠢ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶᠢᠯᠡᠭᠰᠡᠨ ᠰᠣᠷᠢᠯᠲᠠ ᠶᠢᠨ ᠵᠢᠱᠢᠭᠰᠡᠨ ᠦᠷ᠎ᠡ ᠳ᠋ᠦᠩ ᠳᠤ ᠬᠦᠷᠴᠦ᠂ ᠠᠵᠢᠯᠲᠠᠨ ᠠᠵᠢᠯᠴᠢᠨ ᠤ ᠪᠣᠯᠪᠠᠰᠤᠷᠠᠭᠤᠯᠤᠯ ᠤᠨ ᠦᠷ᠎ᠡ ᠪᠦᠳᠦᠮᠵᠢ᠂ ᠪᠠᠴᠢᠮ ᠪᠠᠶᠢᠳᠠᠯ ᠢ  ᠠᠷᠭᠠᠴᠠᠭᠠᠬᠤ ᠶᠠᠪᠤᠴᠠ ᠶᠢ ᠡᠵᠡᠮᠳᠡᠭᠰᠡᠨ ᠬᠢᠷᠢ ᠬᠡᠮᠵᠢᠶ᠎ᠡ ᠵᠢᠴᠢ ᠠᠷᠭᠠᠴᠠᠭᠠᠬᠤ ᠴᠢᠳᠠᠪᠤᠷᠢ ᠪᠠ ᠶᠡᠷᠦᠩᠬᠡᠢ ᠵᠣᠬᠢᠴᠠᠭᠤᠯᠬᠤ ᠴᠢᠳᠠᠪᠤᠷᠢ ᠶᠢ ᠰᠢᠯᠭᠠᠨ ᠪᠠᠶᠢᠴᠠᠭᠠᠵᠤ᠂ ᠠᠵᠢᠯᠲᠠᠨ ᠠᠵᠢᠯᠴᠢᠨ ᠤ ᠠᠶᠤᠯᠬᠦᠢ ᠶᠢᠨ ᠦᠵᠡᠯ ᠤᠬᠠᠮᠰᠠᠷ ᠪᠠ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠪᠤᠳᠠᠳᠤ ᠰᠤᠷᠢᠯᠳᠠ   ᠪᠠᠷ ᠡᠵᠡᠩᠨᠡᠯᠲᠡ ᠶᠢᠨ ᠨᠢᠭᠡᠴᠢ ᠬᠢᠭᠡᠳ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠤᠯᠪᠣᠭᠠᠯᠠᠨ ᠬᠠᠮᠵᠢᠯᠴᠠᠬᠤ ᠬᠦᠴᠦᠨ ᠢ ᠴᠢᠩᠭᠠᠳᠬᠠᠪᠠ᠃      ᠬᠤᠲᠠ ᠶᠢᠨ ᠨᠢᠰᠭᠡᠯ ᠤᠨ ᠪᠠᠭᠤᠳᠠᠯ ᠬᠢᠭᠡᠳ ᠲᠡᠮᠦᠷ ᠵᠠᠮ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠤᠨ ᠠᠯᠪᠠᠨ ᠭᠡᠷ᠂ ᠬᠤᠲᠠ ᠶᠢᠨ ᠭᠠᠵᠠᠷ ᠳᠣᠣᠷᠠᠬᠢ ᠲᠡᠮᠦᠷ ᠵᠠᠮ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠬᠤᠲᠠ ᠶᠢᠨ ᠭᠠᠯ ᠰᠡᠷᠭᠡᠶᠢᠯᠡᠵᠦ ᠭᠠᠯ ᠤᠨᠳᠠᠷᠠᠭᠠᠨ ᠠᠪᠤᠷᠠᠨ ᠲᠤᠰᠠᠯᠠᠬᠤ ᠰᠠᠯᠪᠤᠷᠢ ᠠᠩᠭᠢ ᠵᠡᠷᠭᠡ 15 ᠨᠢᠭᠡᠴᠢ᠂ 200 ᠭᠠᠷᠤᠶ ᠬᠥᠮᠥᠨ ᠰᠣᠷᠢᠯᠲᠠ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号