ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠰᠢᠨ᠎ᠡ ᠬᠤᠲᠠ ᠲᠤᠭᠤᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ  ᠪᠠᠷᠠᠭᠤᠨ ᠵᠡᠭᠡᠯᠢ ᠶᠢᠨ ᠵᠡᠭᠡᠯᠢ ᠭᠤᠳᠤᠮᠵᠢ ᠳᠤ ᠬᠦᠷᠪᠡ
ᠨᠡᠶᠢᠲᠡᠯᠡᠭᠰᠡᠨ ᠴᠠᠭ᠄
2019-12-27
     12 ᠰᠠᠷ᠎ᠠ ᠶᠢᠨ 24 ᠤ ᠡᠳᠦᠷ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠰᠢᠨ᠎ᠡ ᠬᠤᠲᠠ ᠲᠤᠭᠤᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠪᠠᠷᠠᠭᠤᠨ ᠵᠡᠭᠡᠯᠢ ᠶᠢᠨ ᠵᠡᠭᠡᠯᠢ ᠭᠤᠳᠤᠮᠵᠢ ᠪᠠᠷ ᠤᠬᠠᠭᠤᠯᠤᠨ ᠲᠠᠶᠢᠯᠪᠤᠷᠢᠯᠠᠪᠠ᠃ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ᠂ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠬᠤᠤ ᠵᠢᠶᠦ᠋ᠨ ᠵᠢᠶᠧ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠡ᠃      ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠬᠤᠤ ᠵᠢᠶᠦ᠋ᠨ ᠵᠢᠶᠧ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠠᠮᠵᠢᠯᠲᠠ ᠲᠠᠢ ᠬᠤᠷᠠᠯᠳᠤᠭᠤᠯᠤᠭᠰᠠᠨ ᠴᠢᠬᠤᠯᠠ ᠠᠴᠢ ᠬᠤᠯᠪᠣᠭᠳᠠᠯ᠂ ᠭᠤᠤᠯᠳᠠᠯᠭ᠎ᠠ ᠲᠠᠢ ᠡᠭᠦᠷᠭᠡ ᠪᠣᠯᠤᠨ ᠤᠳᠤᠷᠢᠳᠤᠯᠭ᠎ᠠ ᠪᠠᠨ ᠴᠢᠩᠭᠠᠳᠬᠠᠬᠤ ᠠᠭᠤᠯᠭ᠎ᠠ ᠶᠢ ᠭᠤᠷᠪᠠᠨ ᠶᠡᠭᠡ ᠲᠥᠷᠥᠯ ᠬᠤᠪᠢᠶᠠᠨ ᠲᠣᠳᠣᠷᠬᠠᠶᠢᠯᠠᠨ ᠥᠭᠦᠯᠡᠭᠰᠡᠨ ᠪᠥᠭᠡᠳ ᠥᠪᠡᠷ ᠤᠨ ᠰᠤᠷᠤᠯᠴᠠᠵᠤ ᠰᠡᠳᠬᠢᠬᠦ᠂ ᠪᠡᠶ᠎ᠡ ᠪᠠᠷ ᠢᠶᠠᠨ ᠤᠶᠢᠯᠠᠭᠠᠬᠤ ᠪᠣᠯᠤᠨ ᠣᠳᠣᠬᠠᠨ ᠤ ᠣᠯᠠᠨ ᠤᠯᠤᠰ ᠪᠣᠯᠣᠨ ᠤᠯᠤᠰ ᠤᠨ ᠳᠣᠲᠣᠭᠠᠳᠤ ᠶᠢᠨ ᠪᠠᠶᠢᠳᠠᠯ ᠲᠠᠢ ᠤᠶᠠᠯᠳᠤᠭᠤᠯᠵᠤ᠂ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠪᠣᠯᠤᠨ ᠶᠡᠷᠦᠩᠬᠡᠶ ᠱᠠᠭᠠᠷᠳᠠᠯᠭ᠎ᠠ ᠶᠢ  ᠭᠦᠢᠴᠡᠳ ᠲᠠᠨᠢᠬᠤ ᠬᠡᠷᠡᠭᠲᠡᠶ︾ ︽ᠨᠠᠮ ᠤᠨ ᠤᠳᠤᠷᠢᠳᠬᠤ ᠳᠦᠷᠢᠮ ᠤᠨ ᠰᠢᠰᠲ᠋ᠧᠮ ᠤᠨ ᠢᠯᠠ ᠲᠣᠳᠣ ᠳᠠᠪᠠᠭᠤᠯᠢᠭ ᠢ ᠭᠦᠢᠴᠡᠳ ᠲᠠᠨᠢᠵᠤ᠂ ᠨᠠᠮ ᠤᠨ ᠰᠢᠨᠵᠢᠯᠡᠬᠦ ᠤᠬᠠᠭᠠᠨᠴᠢ ᠪᠠᠷ ᠲᠥᠷᠥ ᠪᠠᠷᠢᠬᠤ᠂ ᠠᠷᠠᠳᠴᠢᠯᠠᠯ ᠢᠶᠠᠷ ᠲᠥᠷᠥ ᠪᠠᠷᠢᠬᠤ᠂ ᠬᠠᠤᠯᠢ ᠶᠣᠰᠣᠭᠠᠷ ᠲᠥᠷᠥ ᠪᠠᠷᠢᠬᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ︾ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠣᠨᠣᠪᠴᠢᠲᠠᠶ ᠡᠵᠡᠮᠳᠡᠬᠦ ᠬᠡᠷᠡᠭᠲᠡᠶ︾ ︽ᠨᠠᠮ ᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠶ︾ ᠵᠡᠷᠭᠡ 15 ᠬᠡᠰᠡᠭ ᠠᠴᠠ ᠠᠮᠢᠳᠤᠯᠢᠭ ᠪᠣᠳᠠᠲᠠᠶ ᠦᠭᠡ ᠶᠠᠷᠢᠶ᠎ᠠ ᠪᠠᠷ ᠭᠦᠨ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠪᠦᠭᠦᠳᠡ ᠬᠤᠷᠠᠯ ᠤᠨ ᠵᠤᠶᠢᠭ ᠰᠠᠨᠠᠭ᠎ᠠ ᠳᠤ ᠰᠢᠰᠲ᠋ᠧᠮ ᠲᠠᠢ ᠲᠠᠶᠢᠯᠤᠮᠵᠢ ᠬᠢᠪᠡ᠃
     ᠤᠬᠠᠭᠤᠯᠤᠨ ᠲᠠᠶᠢᠯᠪᠤᠷᠢᠯᠠᠬᠤ ᠳᠤᠮᠳᠠ ᠪᠠᠨ ᠬᠤᠷᠠᠯ ᠳᠤ ᠣᠷᠣᠯᠴᠠᠭᠰᠠᠳ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠭ ᠵᠣᠬᠢᠶᠠᠯ ᠢ ᠨᠠᠷᠢᠨ ᠬᠢᠨᠠᠮᠠᠭᠠᠶ ᠰᠤᠷᠤᠯᠴᠠᠨ᠂ ᠤᠭ ᠶᠣᠰᠣ ᠶᠢ ᠣᠶᠢᠯᠠᠭᠠᠬᠤ ᠶᠢᠨ ᠬᠠᠮᠲᠤ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃      ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠳᠠᠭᠤᠰᠤᠭᠰᠠᠨ ᠤ ᠲᠠᠷᠠᠭ᠎ᠠ᠂ ᠬᠤᠷᠠᠯ ᠳᠤ ᠣᠷᠣᠯᠴᠠᠭᠰᠠᠨ ᠺᠠᠳ᠋ᠷᠴᠤᠳ᠄ ᠡᠷᠬᠡᠪᠰᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠᠷ ᠠᠵᠠ ᠲᠣᠬᠢᠶᠠᠯ ᠪᠣᠯᠭᠠᠵᠤ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠲᠠᠢ ᠨᠢᠭᠲᠠ ᠤᠶᠠᠯᠳᠤᠭᠤᠯᠵᠤ᠂ ᠣᠳᠣᠬᠠᠨ ᠤ ᠡᠯ᠎ᠡ ᠵᠤᠶᠢᠯ ᠤᠨ ᠠᠵᠢᠯ ᠢᠶᠠᠨ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠦᠭᠦᠳᠡ ᠬᠤᠷᠠᠯ ᠤᠨ ᠵᠤᠶᠢᠭ ᠰᠠᠨᠠᠭ᠎ᠠ ᠶᠢ ᠪᠠᠷᠠᠭᠤᠨ ᠵᠡᠭᠡᠯᠢ ᠶᠢᠨ ᠵᠡᠭᠡᠯᠢ ᠭᠤᠳᠤᠮᠵᠢ ᠳᠤ ᠨᠠᠶᠢᠲᠠᠪᠤᠷᠢᠵᠢᠭᠤᠯᠤᠨ᠂ ᠵᠡᠭᠡᠯᠢ ᠭᠤᠳᠤᠮᠵᠢ ᠶᠢ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠢᠯᠡᠳᠬᠡᠵᠡᠭᠡᠪᠡ᠃      ᠪᠠᠷᠠᠭᠤᠨ ᠵᠡᠭᠡᠯᠢ ᠶᠢᠨ ᠵᠡᠭᠡᠯᠢ ᠭᠤᠳᠤᠮᠵᠢ ᠶᠢᠨ ᠪᠠᠶᠢᠭᠤᠯᠤᠯᠭ᠎ᠠ ᠶᠢᠨ ᠪᠦᠬᠦ ᠺᠠᠳ᠋ᠷ᠂ ᠡᠯ᠎ᠡ ᠨᠡᠶᠢᠭᠡᠮ ᠲᠣᠭᠤᠷᠢᠭ ᠤᠨ ᠪᠦᠬᠦ ᠺᠠᠳ᠋ᠷ ᠵᠠᠭᠤ ᠭᠠᠷᠤᠶ ᠬᠥᠮᠦᠨ ᠤᠬᠠᠭᠤᠯᠤᠨ ᠲᠠᠶᠢᠯᠪᠤᠷᠢᠯᠠᠬᠤ ᠶᠢ ᠰᠤᠨᠤᠰᠪᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号