ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠲᠥᠷᠥᠯ ᠵᠦᠢᠯ ᠣᠯᠠᠨ ᠤ ᠬᠦᠷᠢᠶᠡᠯᠡᠯ ᠢ ᠣᠯᠵᠤ ᠪᠤᠢ
ᠨᠡᠶᠢᠲᠡᠯᠡᠭᠰᠡᠨ ᠴᠠᠭ᠄
2019-12-27
     ᠣᠷᠴᠢᠮᠬᠠᠨ᠂ ᠪᠠᠭ᠎ᠠ ᠵᠣᠣ ᠶᠢᠨ ᠡᠮᠦᠨ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯᠯᠠᠬᠤ ᠬᠤᠷᠢᠶ᠎ᠠ ᠠᠴᠠ ᠵᠢᠶᠠᠨ ᠬᠤᠸᠠ ᠬᠤᠶᠢᠳᠤ ᠵᠡᠭᠡᠯᠢ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠬᠥᠳᠡᠯᠭᠡᠭᠡᠨ ᠤ ᠦᠢᠯᠡᠴᠢᠯᠡᠭᠡ ᠶᠢᠨ ᠲᠥᠪ ᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠲᠥᠷᠥᠯ ᠵᠦᠢᠯ ᠢ ᠡᠬᠢᠯᠡᠭᠦᠯᠵᠦ᠂  ᠴᠣᠨᠣᠵᠤ ᠬᠠᠭᠰᠠᠭᠠᠬᠤ ᠭᠡᠷ᠂ ᠨᠠᠮ ᠤᠨ ᠪᠠᠶᠢᠭᠤᠯᠤᠯᠲᠠ ᠶᠢᠨ ᠠᠵᠢᠯᠯᠠᠭᠠᠨ ᠤ ᠲᠠᠰᠤᠭ᠂ ᠳᠡᠮᠵᠢᠯᠭᠡ  ᠲᠠᠢ ᠤᠬᠢᠶᠠᠯᠭ᠎ᠠ ᠶᠢᠨ ᠭᠠᠵᠠᠷ᠂ ᠡᠶᠡᠯᠳᠡᠭ ᠬᠥᠷᠰᠢ ᠶᠢᠨ ᠥᠷᠲᠡᠭᠡ᠂ ᠨᠥᠬᠦᠷᠰᠡᠭ ᠬᠥᠷᠰᠢ ᠶᠢᠨ ᠬᠦᠷᠢᠶ᠎ᠡ᠂ ᠴᠠᠭ ᠤᠨ ᠪᠠᠩᠬᠢ ᠵᠡᠷᠭᠡ ᠴᠢᠳᠠᠪᠬᠢᠲᠤ ᠲᠠᠰᠤᠭ ᠲᠣᠬᠢᠷᠠᠭᠤᠯᠵᠤ᠂ ᠰᠠᠭᠤᠭᠠᠯᠢ ᠠᠷᠠᠳ ᠲᠤ ᠴᠢᠨᠠᠷ ᠰᠠᠶᠢᠲᠠᠶ ᠠᠮᠢᠳᠤᠷᠠᠯ ᠤᠨ ᠦᠢᠯᠡᠴᠢᠯᠡᠭᠡ ᠬᠠᠩᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ ᠣᠯᠵᠠᠶ᠃ ᠵᠢᠷᠤᠭ᠄ ᠨᠠᠮ ᠤᠨ ᠭᠡᠰᠢᠭᠦᠨ ᠰᠠᠶᠢᠨ  ᠲᠤᠷᠠᠳᠠᠨ ᠰᠠᠭᠤᠭᠠᠯᠢ ᠠᠷᠠᠳ ᠤᠨ ᠤᠯᠠᠭᠠᠨ ᠤ ᠭᠠᠳᠠᠨᠠᠬᠢ ᠰᠠᠴᠤᠷᠠᠭᠲᠤ ᠰᠤᠪᠢᠯᠠᠯᠲᠠ ᠶᠢᠨ ᠰᠠᠭᠤᠯᠠᠭ᠎ᠠ ᠶᠢ ᠲᠤᠷᠰᠢᠨ ᠬᠡᠷᠡᠭᠯᠡᠬᠦ ᠳᠤ ᠵᠢᠯᠣᠭᠤᠳᠤᠯᠭ᠎ᠠ ᠬᠢᠵᠦ ᠪᠠᠶᠢᠭ᠎ᠠ ᠨᠢ᠃  ᠰᠤᠷᠪᠤᠯᠵᠢᠯᠠᠭᠴᠢ ᠯᠢᠦ ᠴᠢᠩ ᠢᠦᠢ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号