ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠬᠠᠮ ᠵᠠᠭᠤᠴᠢᠯᠠᠭᠤᠷ ᠤᠨ ᠰᠤᠷᠪᠤᠯᠵᠢᠯᠠᠭᠴᠢ | ᠨᠠᠷᠠᠨᠳᠤᠩᠭᠠᠯᠠᠭ︶ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠳᠤᠮᠳᠠᠳᠤ ᠤᠯᠤᠰ ᠤᠨ | ᠠᠷᠠᠳ ᠤᠨ ᠤᠷᠠᠯᠢᠭᠴᠢᠳ ᠤᠨ ᠨᠡᠶᠢᠭᠡᠮᠯᠢᠭ ᠠᠴᠠ ᠭᠤᠤᠯᠯᠠᠨ ᠡᠷᠬᠢᠯᠡᠭᠰᠡᠨ ᠠᠷᠪᠠᠨ ᠲᠦᠷᠪᠡᠳᠦᠭᠡᠷ ᠬᠤᠭᠤᠴᠠᠭᠠᠨ | ᠤ ᠳᠤᠮᠳᠠᠳᠤ ᠤᠯᠤᠰ ᠤᠨ ᠠᠷᠠᠳ ᠤᠨ ᠤᠳᠬ᠎ᠠ ᠤᠷᠠᠯᠢᠭ ᠤᠨ ᠠᠭᠤᠯᠠᠨ ᠴᠡᠴᠡᠭ ᠱᠠᠩᠨᠠᠯ ᠣᠯᠭᠤᠬᠤ ᠶᠣᠰᠣᠯᠠᠯ | 12 ᠰᠠᠷ᠎ᠠ ᠶᠢᠨ 22 ᠤᠨ ᠡᠳᠦᠷ ᠱᠧᠨᠵᠧᠨ ᠬᠤᠲᠠ ᠳᠤ ᠶᠠᠪᠤᠭᠳᠠᠪᠠ᠃ | ᠳᠤᠮᠳᠠᠳᠤ ᠤᠯᠤᠰ ᠤᠨ ᠠᠷᠠᠳ ᠤᠨ ᠤᠳᠬ᠎ᠠ ᠤᠷᠠᠯᠢᠭ ᠤᠨ ᠠᠭᠤᠯᠠᠨ ᠴᠡᠴᠡᠭ ᠱᠠᠩᠨᠠᠯ ᠪᠣᠯ ᠳᠤᠮᠳᠠᠳᠤ | ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠪᠠ ᠳᠤᠮᠳᠠᠳᠤ ᠤᠯᠤᠰ ᠤᠨ ᠠᠷᠠᠳ ᠤᠨ ᠤᠳᠬ᠎ᠠ | ᠤᠷᠠᠯᠢᠭᠴᠢᠳ ᠤᠨ ᠨᠡᠶᠢᠭᠡᠮᠯᠢᠭ ᠠᠴᠠ ᠬᠠᠮᠲᠤᠷᠠᠨ ᠡᠷᠬᠢᠯᠡᠭᠰᠡᠨ ᠤᠯᠤᠰ ᠤᠨ ᠲᠡᠰ ᠤᠨ ᠤᠳᠬ᠎ᠠ ᠤᠷᠠᠯᠢᠭ ᠤᠨ ᠲᠣᠮᠣ | ᠱᠠᠩᠨᠠᠯ᠂ ᠪᠥᠬᠦ ᠤᠯᠤᠰ ᠤᠨ ᠠᠷᠠᠳ ᠤᠨ ᠤᠳᠬ᠎ᠠ ᠤᠷᠠᠯᠢᠭ ᠤᠨ ᠬᠠᠮᠤᠭ ᠤᠨ ᠳᠡᠭᠡᠳᠦ ᠱᠠᠩᠨᠠᠯ ᠪᠣᠯᠣᠨ᠎ᠠ᠃ ᠡᠨᠡ | ᠵᠢᠯ ᠮᠠᠨ ᠤ ᠤᠷᠤᠨ ᠤ ᠠᠷᠠᠳ ᠤᠨ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠬᠢᠨ ᠤ ᠰᠣᠩᠭᠤᠨ | ᠳᠡᠪᠰᠢᠭᠦᠯᠦᠭᠰᠡᠨ ︽ᠮᠣᠩᠭᠤᠯ ᠦᠨᠳᠦᠰᠦᠲᠡᠨ ᠤ ᠤᠯᠠᠮᠵᠢᠯᠠᠯᠲᠤ ᠤᠷᠠᠨ ᠵᠢᠷᠤᠭ · ᠬᠡ ᠤᠭᠠᠯᠵᠠ︾ ︵ᠳᠡᠭᠡᠳᠦ᠂ | ᠳᠣᠣᠷᠠᠳᠤ︶ ᠨᠢ ᠠᠷᠪᠠᠨ ᠲᠦᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠠᠷᠠᠳ ᠤᠨ ᠤᠳᠬ᠎ᠠ | ᠤᠷᠠᠯᠢᠭ ᠤᠨ ᠠᠭᠤᠯᠠᠨ ᠴᠡᠴᠡᠭ ᠱᠠᠩᠨᠠᠯ ᠢ ᠬᠦᠷᠲᠡᠪᠡ᠃ | ︽ᠮᠣᠩᠭᠤᠯ ᠦᠨᠳᠦᠰᠦᠲᠡᠨ ᠤ ᠤᠯᠠᠮᠵᠢᠯᠠᠯᠲᠤ ᠤᠷᠠᠨ ᠵᠢᠷᠤᠭ · ᠬᠡ ᠤᠭᠠᠯᠵᠠ︾ ᠶᠢᠨ ᠳᠡᠭᠡᠳᠦ ᠳᠣᠣᠷᠠᠳᠤ | ᠪᠣᠳᠢ ᠨᠢ ᠨᠡᠶᠢᠲᠡ 7 ᠪᠦᠯᠦᠭ ᠲᠠᠢ᠂ ᠳᠡᠭᠡᠳᠦ ᠪᠣᠳᠢ ᠶᠢᠨ ᠵᠣᠬᠢᠶᠠᠭᠴᠢ ᠨᠢ ᠠᠮᠤᠷᠪᠠᠳᠤ ᠪᠠᠶᠢᠵᠤ᠂ ᠲᠡᠤᠬᠡ᠂ | ᠦᠨᠳᠦᠰᠦᠲᠡᠨ᠂ ᠠᠷᠠᠳ ᠤᠨ ᠵᠠᠩ ᠦᠢᠯᠡ ᠶᠢᠨ ᠤᠬᠠᠭᠠᠨ ᠤ ᠡᠭᠦᠳᠡᠨ ᠠᠴᠠ ᠮᠣᠩᠭᠤᠯ ᠦᠨᠳᠦᠰᠦᠲᠡᠨ ᠤ ᠬᠡ | ᠤᠭᠠᠯᠵᠠ ᠶᠢ ᠣᠯᠠᠨ ᠵᠢᠯ ᠰᠡᠳᠬᠢᠯ ᠰᠢᠭᠤᠳᠤᠨ ᠰᠤᠳᠤᠯᠤᠭᠰᠠᠨ ᠤ ᠬᠢᠨᠢ ᠬᠤᠷᠠᠮᠳᠤᠭᠤᠯᠤᠯ ᠪᠣᠯᠣᠨ᠎ᠠ᠃ ᠳᠤᠤᠷᠠᠳᠦ | ᠪᠣᠳᠢ ᠶᠢᠨ ᠵᠣᠬᠢᠶᠠᠭᠴᠢ ᠨᠢ ᠮᠢᠶᠣᠣ ᠷᠦᠢ ᠪᠣᠯᠣᠨ᠎ᠠ᠃ ᠠᠭᠤᠯᠭ᠎ᠠ ᠨᠢ ᠭᠤᠤᠯᠳᠠᠭᠤ ᠤᠯᠠᠮᠵᠢᠯᠠᠨ | ᠵᠠᠯᠭᠠᠮᠵᠢᠯᠠᠭᠴᠢ ᠶᠢᠨ ᠲᠤᠰᠬᠠᠢ ᠡᠮᠬᠢᠳᠭᠡᠯ ᠪᠣᠯᠣᠨ᠎ᠠ᠃ |