ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠨᠠᠷᠠᠨᠳᠤᠩᠭᠠᠯᠠᠭ︶ ᠳᠤᠮᠳᠠᠳᠤ ᠤᠯᠤᠰ ᠤᠨ | ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠳᠤᠮᠳᠠᠳᠤ ᠤᠯᠤᠰ ᠤᠨ ᠠᠷᠠᠳ ᠤᠨ ᠤᠷᠠᠯᠢᠭᠴᠢᠳ ᠤᠨ ᠨᠡᠶᠢᠭᠡᠮᠯᠢᠭ ᠠᠴᠠ ᠭᠤᠤᠯᠯᠠᠨ ᠡᠷᠬᠢᠯᠡᠭᠰᠡᠨ ᠠᠷᠪᠠᠨ | ᠲᠦᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠠᠷᠠᠳ ᠤᠨ ᠤᠳᠬ᠎ᠠ ᠤᠷᠠᠯᠢᠭ ᠤᠨ ᠠᠭᠤᠯᠠᠨ ᠴᠡᠴᠡᠭ ᠱᠠᠩᠨᠠᠯ ᠣᠯᠭᠤᠬᠤ ᠶᠣᠰᠣᠯᠠᠯ 12 | ᠰᠠᠷ᠎ᠠ ᠶᠢᠨ 22 ᠤᠨ ᠡᠳᠦᠷ ᠱᠧᠨᠵᠧᠨ ᠬᠤᠲᠠ ᠳᠤ ᠶᠠᠪᠤᠭᠳᠠᠪᠠ᠃ | ᠳᠤᠮᠳᠠᠳᠤ ᠤᠯᠤᠰ ᠤᠨ ᠠᠷᠠᠳ ᠤᠨ ᠤᠳᠬ᠎ᠠ ᠤᠷᠠᠯᠢᠭ ᠤᠨ ᠠᠭᠤᠯᠠᠨ ᠴᠡᠴᠡᠭ ᠱᠠᠩᠨᠠᠯ ᠪᠣᠯ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ | ᠤ ᠬᠤᠯᠪᠣᠭ᠎ᠠ ᠪᠠ ᠳᠤᠮᠳᠠᠳᠤ ᠤᠯᠤᠰ ᠤᠨ ᠠᠷᠠᠳ ᠤᠨ ᠤᠳᠬ᠎ᠠ ᠤᠷᠠᠯᠢᠭᠴᠢᠳ ᠤᠨ ᠨᠡᠶᠢᠭᠡᠮᠯᠢᠭ ᠠᠴᠠ ᠬᠠᠮᠲᠤᠷᠠᠨ ᠡᠷᠬᠢᠯᠡᠭᠰᠡᠨ ᠤᠯᠤᠰ ᠤᠨ ᠲᠡᠰ ᠤᠨ | ᠤᠳᠬ᠎ᠠ ᠤᠷᠠᠯᠢᠭ ᠤᠨ ᠲᠣᠮᠣ ᠱᠠᠩᠨᠠᠯ᠂ ᠪᠥᠬᠦ ᠤᠯᠤᠰ ᠤᠨ ᠠᠷᠠᠳ ᠤᠨ ᠤᠳᠬ᠎ᠠ ᠤᠷᠠᠯᠢᠭ ᠤᠨ ᠬᠠᠮᠤᠭ ᠤᠨ ᠳᠡᠭᠡᠳᠦ ᠱᠠᠩᠨᠠᠯ ᠪᠣᠯᠣᠨ᠎ᠠ᠃ ᠡᠨᠡ ᠵᠢᠯ ᠮᠠᠨ ᠤ | ᠤᠷᠤᠨ ᠤ ᠠᠷᠠᠳ ᠤᠨ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠬᠢᠨ ᠤ ᠰᠣᠩᠭᠤᠨ ᠳᠡᠪᠰᠢᠭᠦᠯᠦᠭᠰᠡᠨ ︽ᠮᠣᠩᠭᠤᠯ ᠦᠨᠳᠦᠰᠦᠲᠡᠨ ᠤ ᠤᠯᠠᠮᠵᠢᠯᠠᠯᠲᠤ | ᠤᠷᠠᠨ ᠵᠢᠷᠤᠭ · ᠬᠡ ᠤᠭᠠᠯᠵᠠ︾ ︵ᠳᠡᠭᠡᠳᠦ᠂ ᠳᠣᠣᠷᠠᠳᠤ︶ ᠨᠢ ᠠᠷᠪᠠᠨ ᠲᠦᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠠᠷᠠᠳ ᠤᠨ ᠤᠳᠬ᠎ᠠ | ᠤᠷᠠᠯᠢᠭ ᠤᠨ ᠠᠭᠤᠯᠠᠨ ᠴᠡᠴᠡᠭ ᠱᠠᠩᠨᠠᠯ ᠢ ᠬᠦᠷᠲᠡᠪᠡ᠃ | ︽ᠮᠣᠩᠭᠤᠯ ᠦᠨᠳᠦᠰᠦᠲᠡᠨ ᠤ ᠤᠯᠠᠮᠵᠢᠯᠠᠯᠲᠤ ᠤᠷᠠᠨ ᠵᠢᠷᠤᠭ · ᠬᠡ ᠤᠭᠠᠯᠵᠠ︾ ᠶᠢᠨ ᠳᠡᠭᠡᠳᠦ ᠳᠣᠣᠷᠠᠳᠤ ᠪᠣᠳᠢ ᠨᠢ ᠨᠡᠶᠢᠲᠡ 7 ᠪᠦᠯᠦᠭ ᠲᠠᠢ᠂ | ᠳᠡᠭᠡᠳᠦ ᠪᠣᠳᠢ ᠶᠢᠨ ᠵᠣᠬᠢᠶᠠᠭᠴᠢ ᠨᠢ ᠠᠮᠤᠷᠪᠠᠳᠤ ᠪᠠᠶᠢᠵᠤ᠂ ᠲᠡᠤᠬᠡ᠂ ᠦᠨᠳᠦᠰᠦᠲᠡᠨ᠂ ᠠᠷᠠᠳ ᠤᠨ ᠵᠠᠩ ᠦᠢᠯᠡ ᠶᠢᠨ ᠤᠬᠠᠭᠠᠨ ᠤ ᠡᠭᠦᠳᠡᠨ ᠠᠴᠠ ᠮᠣᠩᠭᠤᠯ | ᠦᠨᠳᠦᠰᠦᠲᠡᠨ ᠤ ᠬᠡ ᠤᠭᠠᠯᠵᠠ ᠶᠢ ᠣᠯᠠᠨ ᠵᠢᠯ ᠰᠡᠳᠬᠢᠯ ᠰᠢᠭᠤᠳᠤᠨ ᠰᠤᠳᠤᠯᠤᠭᠰᠠᠨ ᠤ ᠬᠢᠨᠢ ᠬᠤᠷᠠᠮᠳᠤᠭᠤᠯᠤᠯ ᠪᠣᠯᠣᠨ᠎ᠠ᠃ ᠳᠤᠤᠷᠠᠳᠦ ᠪᠣᠳᠢ ᠶᠢᠨ | ᠵᠣᠬᠢᠶᠠᠭᠴᠢ ᠨᠢ ᠮᠢᠶᠣᠣ ᠷᠦᠢ ᠪᠣᠯᠣᠨ᠎ᠠ᠃ ᠠᠭᠤᠯᠭ᠎ᠠ ᠨᠢ ᠭᠤᠤᠯᠳᠠᠭᠤ ᠤᠯᠠᠮᠵᠢᠯᠠᠨ ᠵᠠᠯᠭᠠᠮᠵᠢᠯᠠᠭᠴᠢ ᠶᠢᠨ ᠲᠤᠰᠬᠠᠢ ᠡᠮᠬᠢᠳᠭᠡᠯ ᠪᠣᠯᠣᠨ᠎ᠠ᠃ |