ᠬᠤᠷᠢᠨᠭᠡᠷ ᠰᠢᠶᠠᠨ ᠪᠦᠬᠦ ᠰᠢᠶᠠᠨ ᠤ ᠵᠠᠰᠠᠭ ᠤᠨ ᠶᠠᠪᠣᠳᠠᠯ ᠢ ᠢᠯᠡ ᠪᠣᠯᠭᠠᠬᠤ ᠠᠵᠢᠯ ᠤᠨ ᠪᠣᠯᠪᠠᠰᠣᠷᠠᠭᠤᠯᠣᠯ  ᠤᠨ ᠬᠤᠷᠠᠯ ᠢ ᠡᠷᠬᠢᠯᠡᠨ ᠶᠠᠪᠣᠭᠳᠠᠭᠤᠯᠪᠠ
ᠨᠡᠶᠢᠲᠡᠯᠡᠭᠰᠡᠨ ᠴᠠᠭ᠄
2019-12-03
     11 ᠳ᠋ᠦ᠋ᠭᠡᠷ ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠪᠦᠬᠦ ᠰᠢᠶᠠᠨ ᠤ ᠵᠠᠰᠠᠭ ᠤᠨ ᠶᠠᠪᠣᠳᠠᠯ ᠢ ᠢᠯᠡ ᠪᠣᠯᠭᠠᠬᠤ ᠠᠵᠢᠯ ᠤᠨ ᠪᠣᠯᠪᠠᠰᠣᠷᠠᠭᠤᠯᠣᠯ ᠤᠨ ᠬᠤᠷᠠᠯ ᠢ ᠨᠠᠮ ᠵᠠᠰᠠᠭ ᠤᠨ ᠠᠯᠪᠠᠨ ᠠᠰᠠᠷ ᠤᠨ ᠵᠢᠷᠭᠤᠳᠣᠭᠠᠷ ᠳᠠᠪᠬᠤᠷᠯᠢᠭ ᠤᠨ ᠬᠤᠷᠠᠯ ᠤᠨ ᠭᠡᠷ ᠲᠤ ᠡᠷᠬᠢᠯᠡᠨ ᠶᠠᠪᠣᠭᠳᠠᠭᠤᠯᠵᠤ᠂ ᠰᠢᠶᠠᠨ ᠤ ᠵᠠᠰᠠᠭ ᠤᠨ ᠶᠠᠪᠣᠳᠠᠯ ᠢ ᠢᠯᠡ ᠪᠣᠯᠭᠠᠬᠤ ᠣᠳᠣᠷᠢᠳᠬᠤ ᠳᠣᠭᠤᠶᠢᠯᠠᠩ ᠤᠨ ᠪᠦᠷᠢᠯᠳᠦᠭᠦᠨ ᠨᠢᠭᠡᠴᠡ ᠶᠢᠨ ᠬᠤᠪᠢᠳᠠᠨ ᠬᠠᠮᠢᠶᠠᠷᠴᠣ ᠪᠦᠬᠦᠢ ᠬᠠᠷᠢᠭᠤᠴᠠᠯᠭᠠᠲᠠᠨ ᠵᠢᠴᠢ ᠵᠠᠰᠠᠭ ᠤᠨ ᠶᠠᠪᠣᠳᠠᠯ ᠢ ᠢᠯᠡ ᠪᠣᠯᠭᠠᠬᠤ ᠠᠵᠢᠯ ᠤᠨ ᠠᠵᠢᠯᠲᠠᠳ ᠪᠣᠯᠪᠠᠰᠣᠷᠠᠭᠤᠯᠣᠯ ᠳᠤ ᠣᠷᠣᠯᠴᠠᠪᠠ᠃      ᠪᠣᠯᠪᠠᠰᠣᠷᠠᠭᠤᠯᠣᠯ ᠤᠨ ᠬᠤᠷᠠᠯ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ ᠵᠠᠰᠠᠭ ᠵᠠᠬᠢᠷᠭᠠᠨ ᠤ ᠲᠢᠩᠬᠢᠮ ᠤᠨ ᠳᠡᠳ᠋ ᠲᠢᠩᠬᠢᠮ ᠤᠨ ᠳᠠᠷᠤᠭ᠎ᠠ ᠷᠧᠨ ᠾᠦᠢ ᠴᠢᠩ ᠢ ᠤᠷᠢᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠬᠤᠯᠪᠣᠭᠳᠠᠯ ᠪᠦᠬᠦᠢ ᠠᠰᠠᠭᠤᠳᠠᠯ ᠤᠨ ᠲᠣᠬᠠᠢ ᠪᠣᠯᠪᠠᠰᠣᠷᠠᠭᠤᠯᠣᠯ ᠬᠢᠯᠭᠡᠵᠦ᠂ ᠰᠢᠨ᠎ᠡ ᠪᠠᠷ ᠨᠡᠶᠢᠲᠡᠯᠡᠨ ᠲᠣᠭᠲᠠᠭᠠᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠢᠯᠡ ᠪᠣᠯᠭᠠᠬᠤ ᠳᠦᠷᠢᠮ ︾ ᠪᠣᠯᠣᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠵᠢᠯ ᠵᠡᠷᠭᠡ ᠠᠭᠤᠯᠭ᠎ᠠ ᠶᠢᠨ ᠲᠣᠭᠤᠷᠢᠨ ᠳᠤ ᠪᠦᠬᠦ ᠤᠯᠤᠰ ᠤᠨ ᠵᠠᠰᠠᠭ ᠤᠨ ᠶᠠᠪᠣᠳᠠᠯ ᠢ ᠢᠯᠡ ᠪᠣᠯᠭᠠᠬᠤ ᠲᠣᠷᠰᠢᠯᠲᠠ ᠶᠢᠨ ᠭᠠᠵᠠᠷ ᠣᠷᠣᠨ ᠲᠠᠢ ᠤᠶᠠᠯᠳᠣᠭᠤᠯᠵᠣ᠂ ᠸᠢᠳᠢᠤ᠋ ᠺᠠᠷᠲ᠋ᠣᠨ ᠵᠡᠷᠭᠡ ᠠᠷᠭ᠎ᠠ ᠬᠡᠯᠪᠡᠷᠢ ᠪᠠᠷ ᠦᠢᠯᠡᠳᠦᠯᠭᠡ ᠠᠴᠠ ᠭᠠᠷᠲᠠᠵᠣ᠂ ᠵᠠᠰᠠᠭ ᠤᠨ ᠶᠠᠪᠣᠳᠠᠯ ᠢ ᠢᠯᠡ ᠪᠣᠯᠭᠠᠬᠤ ᠠᠵᠢᠯ ᠤᠨ ᠪᠣᠲᠠᠲᠠᠢ ᠠᠭᠤᠯᠭ᠎ᠠ ᠶᠢ ᠨᠠᠷᠢᠯᠢᠭ ᠶᠠᠷᠢᠭᠰᠠᠨ ᠮᠦᠷᠲᠡᠭᠡᠨ ᠵᠢᠯᠣᠭᠤᠳᠣᠯᠭ᠎ᠠ ᠶᠢᠨ ᠴᠢᠨᠠᠷ ᠲᠠᠢ ᠰᠠᠨᠠᠯ ᠳᠣᠷᠠᠳᠣᠭᠰᠠᠨ ᠪᠠᠶᠢᠨ᠎ᠠ᠃ ᠡᠭᠦᠨ ᠤ ᠳᠠᠷᠠᠭ᠎ᠠ᠂ ᠰᠦᠯᠵᠢᠶᠡᠨ ᠤ ᠮᠡᠷᠭᠡᠵᠢᠯ ᠤᠨ ᠺᠤᠮᠫᠠᠨᠢ ᠶᠢᠨ ᠠᠵᠢᠯᠯᠠᠭ᠎ᠠ ᠠᠷᠠᠴᠢᠯᠠᠯᠲᠠ ᠶᠢᠨ ᠢᠨᠵᠧᠨᠧᠷ ᠠᠴᠠ ᠵᠠᠰᠠᠭ ᠤᠨ ᠣᠷᠳᠣᠨ ᠤ ᠰᠦᠯᠵᠢᠶᠡᠨ ᠤ ᠵᠠᠰᠠᠭ ᠤᠨ ᠶᠠᠪᠣᠳᠠᠯ ᠢ ᠢᠯᠡ ᠪᠣᠯᠭᠠᠬᠤ ᠪᠣᠯᠣᠩ ᠤᠨ ᠰᠢᠨ᠎ᠡ ᠪᠠᠷ ᠨᠡᠭᠡᠭᠡᠨ ᠪᠠᠶᠢᠭᠤᠯᠣᠭᠰᠠᠨ ᠴᠢᠳᠠᠮᠵᠢ ᠵᠢᠴᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠭᠤᠯᠭ᠎ᠠ ᠶᠢ ᠨᠡᠶᠢᠳᠡᠯᠡᠬᠦ ᠲᠣᠬᠠᠢ ᠪᠣᠲᠠᠲᠠᠢ ᠠᠵᠢᠯᠯᠠᠭᠠᠣᠯᠬᠤ ᠶᠢ ᠦᠵᠡᠭᠦᠯᠦᠨ ᠲᠠᠨᠢᠯᠴᠠᠭᠤᠯᠵᠣ ᠲᠠᠶᠢᠯᠤᠮᠵᠢ ᠬᠢᠪᠡ᠃      ᠬᠤᠷᠠᠯ ᠠᠴᠠ ᠴᠢᠩᠭᠠᠳᠬᠠᠭᠰᠠᠨ ᠨᠢ᠂ ᠲᠠᠨᠢᠯᠲᠠ ᠪᠠᠨ ᠳᠡᠭᠡᠭᠰᠢᠯᠡᠭᠦᠯᠵᠦ᠂ ᠦᠵᠡᠯᠲᠡ ᠪᠠᠨ ᠰᠢᠨᠡᠴᠢᠯᠡᠵᠦ᠂ ᠵᠠᠰᠠᠭ ᠤᠨ ᠶᠠᠪᠣᠳᠠᠯ ᠢ ᠢᠯᠡ ᠪᠣᠯᠭᠠᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠣ᠂ ᠬᠠᠷᠢᠭᠤᠴᠠᠯᠭᠠᠲᠣ ᠰᠡᠳᠬᠢᠯᠭᠡ ᠪᠣᠯᠣᠨ ᠪᠠᠴᠢᠮ ᠲᠣᠯᠭᠠᠮ᠎ᠠ ᠰᠡᠳᠬᠢᠯᠭᠡ ᠪᠠᠨ ᠦᠨᠡᠨᠬᠦ ᠨᠡᠮᠡᠭᠳᠡᠭᠦᠯᠵᠦ᠂ ᠵᠠᠰᠠᠭ ᠤᠨ ᠶᠠᠪᠣᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠳᠤ ᠯᠠᠪᠳᠠᠭᠤᠨ ᠪᠠᠲᠣᠲᠠᠢ ᠪᠠᠲᠣᠯᠠᠭ᠎ᠠ ᠬᠠᠩᠭᠠᠬᠤ ᠬᠡᠷᠡᠭᠲᠡᠢ︔ ᠤᠳᠤᠷᠢᠳᠣᠯᠭ᠎ᠠ ᠪᠠᠨ ᠴᠢᠩᠭᠠᠳᠬᠠᠵᠣ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠣ᠂ ᠰᠢᠯᠭᠠᠨ ᠬᠢᠨᠠᠵᠣ ᠰᠢᠮᠳᠠᠭᠤᠯᠣᠨ ᠪᠠᠶᠢᠴᠠᠭᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠣᠨ᠂ ᠴᠠᠭ ᠲᠣᠬᠠᠢ ᠳᠤᠨᠢ ᠢᠯᠡ ᠪᠣᠯᠭᠠᠭᠰᠠᠨ ᠦᠭᠡᠢ᠂ ᠠᠬᠢᠭᠤᠯᠭ᠎ᠠ ᠶᠢᠨ ᠬᠡᠮᠵᠢᠶ᠎ᠡ ᠬᠦᠷᠦᠯᠴᠡᠬᠦ ᠦᠭᠡᠢ ᠰᠢᠶᠠᠩ ᠪᠠᠯᠭᠠᠰᠣ᠂ ᠰᠠᠯᠠᠭ᠎ᠠ ᠮᠦᠴᠢᠷ ᠢ ᠵᠠᠷᠯᠠᠨ ᠮᠡᠳᠡᠭᠳᠡᠵᠦ᠂ ᠵᠠᠰᠠᠭ ᠤᠨ ᠶᠠᠪᠣᠳᠠᠯ ᠢ ᠢᠯᠡ ᠪᠣᠯᠭᠠᠬᠤ ᠠᠵᠢᠯ ᠢ ᠪᠦᠬᠦ ᠲᠠᠯ᠎ᠠ ᠪᠠᠷ ᠭᠦᠨᠵᠡᠭᠡᠢ ᠲᠦᠯᠬᠢᠨ ᠠᠬᠢᠭᠤᠯᠬᠤ ᠬᠡᠷᠡᠭᠲᠡᠢ︔ ᠠᠰᠠᠭᠤᠳᠠᠯ ᠶᠢ ᠲᠦᠪᠯᠡᠷᠡᠭᠦᠯᠵᠦ᠂ ᠵᠥᠪ ᠣᠨᠣᠪᠴᠢᠲᠠᠢ ᠬᠦᠴᠦᠯᠡᠨ᠂ ᠲᠦᠷᠥ ᠶᠢᠨ ᠪᠣᠳᠣᠯᠭ᠎ᠠ ᠶᠢᠨ ᠲᠠᠶᠢᠯᠣᠮᠵᠢ ᠪᠠᠨ ᠴᠢᠩᠭᠠᠳᠬᠠᠵᠣ᠂ ᠨᠡᠶᠢᠭᠡᠮ ᠤᠨ ᠬᠠᠯᠠᠮᠵᠢᠯᠠᠵᠣ ᠪᠠᠶᠢᠭ᠎ᠠ ᠵᠦᠢᠯᠡᠰ ᠲᠤ ᠴᠠᠭ ᠲᠣᠬᠠᠢ  ᠳᠤᠨᠢ ᠳᠤᠰᠬᠠᠯ ᠥᠭᠴᠦ᠂ ᠭᠤᠣᠯᠳᠠᠯᠭ᠎ᠠ ᠲᠠᠢ ᠬᠦᠷᠢᠶᠡᠨ ᠳᠠᠬᠢ ᠮᠡᠳᠡᠭᠡ ᠵᠠᠩᠭᠢ ᠶᠢ ᠢᠯᠡ ᠪᠣᠯᠭᠠᠬᠤ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ︔ ᠡᠯ᠎ᠡ ᠰᠠᠯᠠᠭ᠎ᠠ ᠮᠦᠴᠢᠷ᠂ ᠰᠢᠶᠠᠩ ᠪᠠᠯᠭᠠᠰᠣ ᠪᠣᠯᠣᠨ ᠨᠡᠭᠡᠭᠡᠯᠲᠡ ᠶᠢᠨ ᠲᠣᠭᠤᠷᠢᠭ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠢᠭᠠᠪᠣᠷᠢᠯᠠᠯᠭ᠎ᠠ᠂ ᠳᠦᠷᠢᠮ᠂ ᠣᠨ ᠤ ᠮᠡᠳᠡᠭᠦᠯᠦᠯᠲᠡ ᠶᠢ ᠪᠠᠶᠢᠭᠤᠯᠣᠨ ᠪᠦᠷᠢᠨᠰᠢᠭᠦᠯᠬᠦ ᠶᠢᠨ ᠬᠠᠮᠲᠣ ᠴᠠᠭ ᠲᠣᠬᠠᠢ ᠳᠤᠨᠢ ᠨᠡᠶᠢᠭᠡᠮ ᠳᠤ ᠢᠯᠡ ᠪᠣᠯᠭᠠᠬᠤ ᠬᠡᠷᠡᠭᠲᠡᠢ︔ ᠪᠠᠶᠢᠭᠤᠯᠤᠮᠵᠢ ᠶᠢᠨ ᠥᠭᠡᠷᠡᠴᠢᠯᠡᠯᠲᠡ ᠠᠴᠠ ᠪᠣᠯᠵᠤ ᠵᠠᠷᠢᠮ ᠪᠠᠶᠢᠭᠤᠯᠭ᠎ᠠ ᠨᠢᠭᠡᠴᠡ ᠶᠢᠨ ᠡᠭᠦᠷᠭᠡ ᠴᠢᠳᠠᠮᠵᠢ ᠳᠤ ᠲᠣᠬᠢᠷᠠᠭᠤᠯᠣᠯᠲᠠ ᠬᠢᠵᠦ᠂ ᠲᠣᠬᠢᠷᠠᠭᠤᠯᠣᠯᠲᠠ ᠬᠢᠭᠰᠡᠨ ᠤ ᠳᠠᠷᠠᠭ᠎ᠠ ᠬᠠᠮᠢᠶᠠᠳᠠᠭᠰᠠᠨ ᠰᠠᠯᠠᠭ᠎ᠠ ᠮᠦᠴᠢᠷ ︵ᠬᠦᠷᠢᠶᠡᠯᠡᠩ ᠲᠣᠭᠤᠷᠢᠭ︶ ᠡᠭᠦᠷᠭᠡ ᠬᠦᠯᠢᠶᠡᠨ ᠠᠪᠬᠤ ᠠᠵᠢᠯ ᠢ ᠰᠠᠶᠢᠲᠣᠷ ᠬᠢᠬᠦ ᠬᠡᠷᠡᠭᠲᠡᠢ︔ ᠰᠢᠶᠠᠨ ᠤ ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ ᠦᠷᠲᠡᠭᠡ ᠵᠠᠪᠠᠯ ᠵᠠᠰᠠᠭ ᠤᠨ ᠶᠠᠪᠣᠳᠠᠯ ᠢ ᠢᠯᠡ ᠪᠣᠯᠭᠠᠬᠤ ᠲᠠᠪᠴᠠᠩ ᠤᠨ ᠪᠠᠶᠢᠭᠤᠯᠣᠯᠲᠠ ᠶᠢ ᠤᠯᠠᠮ ᠨᠢᠭᠡ ᠠᠯᠬᠤᠮ ᠴᠢᠩᠭᠠᠳᠬᠠᠵᠣ᠂ ᠵᠠᠰᠠᠭ ᠤᠨ ᠶᠠᠪᠣᠳᠠᠯ ᠢ ᠢᠯᠡ ᠪᠣᠯᠭᠠᠬᠤ ᠠᠵᠢᠯ ᠤᠨ ᠲᠣᠭᠲᠠᠴᠠ ᠶᠢᠨ ᠪᠠᠲᠣᠯᠠᠭ᠎ᠠ ᠶᠢ ᠪᠦᠬᠦ ᠲᠠᠯ᠎ᠠ ᠪᠠᠷ ᠲᠡᠭᠦᠯᠳᠡᠷᠵᠢᠭᠦᠯᠵᠦ᠂ ᠪᠦᠬᠦ ᠰᠢᠶᠠᠨ ᠤ ᠵᠠᠰᠠᠭ ᠤᠨ ᠶᠠᠪᠣᠳᠠᠯ ᠢ ᠢᠯᠠ ᠪᠣᠯᠭᠠᠬᠤ ᠠᠵᠢᠯ ᠤᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠰᠡᠨ ᠪᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号