ᠴᠧᠨ ᠯᠢ ᠶᠢᠨ ᠠᠵᠣ ᠠᠬᠤᠶᠢᠯᠠᠯ ᠳᠤ ᠭᠦᠨᠵᠡᠭᠡᠶᠢᠷᠡᠵᠦ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2019-12-03
     11 ᠳ᠋ᠦ᠋ᠭᠡᠷ ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ ᠠᠵᠣ ᠠᠬᠤᠶᠢᠯᠠᠯ ᠳᠤ ᠭᠦᠨᠵᠡᠭᠡᠶᠢᠷᠡᠵᠦ ᠪᠠᠶᠢᠴᠠᠭᠠᠨ ᠰᠣᠳᠣᠯᠣᠯᠲᠠ ᠬᠢᠪᠡ᠃ ᠰᠢᠶᠠᠨ ᠤ ᠳᠡᠳ᠋ ᠳᠠᠷᠤᠭ᠎ᠠ ᠾᠧ ᠹᠧᠩ᠂ ᠠᠵᠣ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠣᠯᠲᠠ ᠶᠢᠨ ᠵᠥᠪᠯᠡᠯ ᠤᠨ ᠡᠷᠬᠢᠯᠡᠭᠴᠢ ᠶᠠᠨ ᡁᠢ ᠶᠦᠩ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ᠂ ᠬᠦᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠣ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠳ ᠪᠠᠷ᠎ᠠ ᠪᠣᠯᠵᠤ ᠪᠠᠶᠢᠴᠠᠭᠠᠨ ᠰᠣᠳᠣᠯᠣᠯᠲᠠ ᠬᠢᠪᠡ᠃      ᠴᠧᠨ ᠯᠢ ᠶᠢᠨ ᠣᠷᠢᠳ ᠬᠤᠵᠢᠳ ᠥᠪᠥᠷ ᠮᠣᠩᠭᠤᠯ ᠤᠨ ᠮᠧᠩ ᠼᠣᠤ ᠠᠮᠢ ᠠᠬᠤᠢ ᠣᠷᠴᠢᠨ ᠲᠣᠭᠤᠷᠢᠨ ︵ᠪᠦᠯᠦᠭᠯᠡᠯ︶ ᠤ ᠬᠤᠪᠢᠴᠠᠭᠠᠲᠣ ᠬᠢᠵᠠᠭᠠᠷᠲᠤ ᠺᠤᠮᠫᠠᠨᠢ᠂ ᠮᠧᠩ ᠶᠠᠩ ᠮᠠᠯ ᠮᠠᠯᠵᠢᠯ ᠤᠨ ᠤ ᠬᠤᠪᠢᠴᠠᠭᠠᠲᠣ ᠬᠢᠵᠠᠭᠠᠷᠲᠣ ᠺᠤᠮᠫᠠᠨᠢ᠂ ᠢᠦᠢ ᠬᠠᠩ ᠷᠧᠨ ᠳᠡᠭᠡᠳᠦ ᠰᠢᠨ᠎ᠡ ᠮᠡᠷᠭᠡᠵᠢᠯ ᠤᠨ ᠠᠵᠣ ᠦᠢᠯᠡᠰ ᠤᠨ ᠬᠢᠵᠠᠭᠠᠷᠲᠣ ᠬᠠᠷᠢᠭᠤᠴᠠᠯᠭᠠᠲᠣ ᠺᠤᠮᠫᠠᠨᠢ ᠳᠤ ᠬᠦᠷᠴᠦ ᠪᠠᠶᠢᠴᠠᠭᠠᠨ ᠰᠣᠳᠣᠯᠣᠯᠲᠠ ᠬᠢᠪᠡ᠃ ᠨᠢᠭᠡ ᠭᠠᠵᠠᠷ ᠲᠤ ᠬᠦᠷᠬᠦ ᠪᠣᠯᠭᠠᠨ ᠠᠵᠣ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠭᠤᠳᠠᠯ ᠤᠨ ᠬᠤᠷᠠᠯ ᠬᠢᠵᠦ᠂ ᠠᠵᠣ ᠠᠬᠤᠶᠢᠯᠠᠯ ᠤᠨ ᠦᠢᠯᠡᠳᠪᠦᠷᠢᠯᠡᠯ ᠡᠷᠭᠢᠯᠲᠡ ᠶᠢᠨ ᠪᠠᠶᠢᠳᠠᠯ ᠢ ᠨᠠᠷᠢᠯᠢᠭ ᠤᠶᠢᠯᠠᠭᠠᠵᠤ᠂ ᠠᠵᠤ ᠠᠬᠤᠶᠢᠯᠠᠯ ᠤᠨ ᠣᠳᠣᠬᠠᠨ ᠤ ᠬᠦᠭᠵᠢᠯᠲᠡ ᠳᠤ ᠣᠴᠠᠷᠠᠭᠰᠠᠨ ᠬᠦᠴᠢᠷ ᠠᠰᠠᠭᠤᠳᠠᠯ ᠢ ᠠᠰᠠᠭᠤᠨ ᠯᠠᠪᠯᠠᠵᠤ᠂ ᠠᠵᠣ ᠠᠬᠤᠶᠢᠯᠠᠯ ᠤᠨ ᠣᠷᠣᠰᠢᠵᠣ ᠪᠠᠶᠢᠭ᠎ᠠ ᠠᠰᠠᠭᠤᠳᠠᠯ ᠢ ᠵᠣᠬᠢᠴᠠᠭᠤᠯᠣᠨ ᠰᠢᠢᠳᠪᠦᠷᠢᠯᠡᠭᠰᠡᠨ ᠪᠠᠶᠢᠨ᠎ᠠ᠃      ᠴᠧᠨ ᠯᠢ ᠶᠢᠨ ᠱᠠᠭᠠᠷᠳᠠᠭᠰᠠᠨ ᠨᠢ᠂ ᠬᠠᠮᠢᠶ᠎ᠠ ᠪᠦᠬᠦᠢ ᠰᠠᠯᠠᠭ᠎ᠠ ᠮᠦᠴᠢᠷ ᠵᠠᠪᠠᠯ ᠢᠳᠡᠪᠬᠢᠲᠡᠢ ᠵᠣᠬᠢᠴᠠᠭᠤᠯᠣᠨ ᠂ ᠠᠵᠢᠯ ᠤᠨ ᠵᠣᠯᠭᠠᠯᠴᠠᠭ᠎ᠠ ᠪᠠᠨ ᠴᠢᠩᠭᠠᠳᠬᠠᠵᠣ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠂ ᠪᠣᠲᠠᠲᠠᠢ ᠬᠠᠪᠰᠣᠷᠣᠨ ᠳᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠣᠷᠢᠵᠢᠭᠤᠯᠵᠤ᠂ ᠠᠵᠣ ᠠᠬᠤᠶᠢᠯᠠᠯ ᠤᠨ ᠬᠦᠭᠵᠢᠯᠲᠡ ᠶᠢᠨ ᠶᠠᠪᠣᠴᠠ ᠳᠣᠮᠳᠠᠬᠢ ᠭᠠᠵᠠᠷ ᠬᠡᠷᠡᠭᠯᠡᠯᠲᠡ᠂ ᠪᠡᠯᠡ ᠮᠦᠩᠭᠦ᠂ ᠠᠵᠣ ᠦᠢᠯᠡᠰ ᠤᠨ ᠬᠦᠭᠵᠢᠯᠲᠡ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠠᠵᠣ ᠠᠬᠤᠶᠢᠯᠠᠯ ᠤᠨ ᠡᠷᠡᠭᠦᠯ ᠢᠶᠠᠷ ᠬᠦᠭᠵᠢᠬᠦ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ᠃ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠠᠵᠣ ᠠᠬᠤᠶᠢᠯᠠᠯ ᠤᠨ ᠬᠦᠭᠵᠢᠯᠲᠡ ᠳᠤ ᠦᠷᠭᠦᠯᠵᠢᠯᠡᠨ ᠠᠩᠬᠠᠷᠣᠯ ᠢᠶᠠᠨ ᠲᠠᠯᠪᠢᠵᠤ᠂ ᠠᠵᠣ ᠠᠬᠤᠶᠢᠯᠠᠯ ᠯᠤᠭ᠎ᠠ ᠨᠢᠭᠲᠠ ᠬᠠᠷᠢᠯᠴᠠᠵᠤ᠂ ᠠᠵᠤ ᠠᠬᠤᠶᠢᠯᠠᠯ ᠤᠨ ᠨᠡᠩ ᠰᠠᠶᠢᠨ ᠨᠡᠩ ᠲᠦᠷᠭᠡᠨ ᠢᠶᠠᠷ ᠬᠦᠭᠵᠢᠬᠦ ᠳᠤ ᠬᠦᠴᠦᠨ ᠨᠡᠮᠡᠷᠢᠯᠡᠬᠦ ᠬᠡᠷᠡᠭᠲᠡᠢ ᠭᠡᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号