11 ᠳ᠋ᠦ᠋ᠭᠡᠷ ᠰᠠᠷ᠎ᠠ ᠶᠢᠨ 27 ᠤ ᠡᠳᠦᠷ᠂ ᠬᠤᠲᠠ ᠶᠢᠨ ᠳᠡᠳ᠋ ᠳᠠᠷᠤᠭ᠎ᠠ ᠬᠤᠸᠠᠩ ᠵᠢᠶ ᠭᠠᠩ ᠤᠨ | ᠳᠠᠭᠠᠭᠤᠯᠤᠭᠰᠠᠨ ᠬᠤᠲᠠ ᠶᠢᠨ ︽ᠨᠢᠭᠡ ᠠᠯᠪᠠᠨ ᠭᠡᠷ ᠭᠤᠷᠪᠠᠨ ᠳᠤᠭᠤᠶᠢᠯᠠᠩ︾ ᠤᠨ ᠪᠠᠶᠢᠴᠠᠭᠠᠨ ᠰᠤᠳᠤᠯᠬᠤ | ᠳᠤᠭᠤᠶᠢᠯᠠᠩ ᠮᠠᠨ ᠤ ᠰᠢᠶᠠᠨ ᠤ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠶᠠᠩ ᠴᠢᠶᠦ᠋ᠨ ᠭᠸᠦ ᠰᠢᠶᠠᠩ ᠳᠤ | ᠭᠦᠨᠵᠡᠭᠡᠶᠢᠷᠡᠨ ᠨᠠᠷᠢᠯᠢᠭ ᠣᠨᠣᠪᠴᠢᠲᠠᠢ ᠪᠠᠷ ᠶᠠᠳᠠᠭᠤ ᠶᠢ ᠲᠡᠳᠬᠦᠬᠦ ᠠᠵᠢᠯ ᠢ ᠪᠠᠶᠢᠴᠠᠭᠠᠨ ᠰᠤᠳᠤᠯᠪᠠ᠃ ᠰᠢᠶᠠᠨ ᠤ | ᠨᠠᠮ ᠤᠨ ᠬᠤᠷᠢᠶᠠᠨ ᠤ ᠳᠡᠳ᠋ ᠱᠦᠵᠢ ᠨᠠᠨ ᠨᠠᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠰᠢᠶᠠᠨ ᠤ ᠳᠡᠳ᠋ ᠳᠠᠷᠤᠭ᠎ᠠ ᠯᠢ ᠵᠧᠩ ᠾᠦᠩ᠂ ᠰᠢᠶᠠᠨ ᠤ ᠳᠡᠳ᠋ ᠳᠠᠷᠤᠭ᠎ᠠ ᠭᠦᠸᠧ ᠸᠧᠨ ᠵᠢᠶᠦ᠋ᠨ ᠵᠢᠴᠢ | ᠬᠤᠯᠪᠣᠭᠳᠠᠯ ᠪᠦᠬᠦᠢ ᠨᠢᠭᠡᠴᠡ ᠰᠠᠯᠠᠭ᠎ᠠ ᠮᠥᠴᠢᠷ ᠪᠣᠯᠤᠨ ᠬᠠᠷᠢᠶ᠎ᠠ ᠭᠠᠵᠠᠷ ᠤᠨ ᠬᠠᠷᠢᠭᠤᠴᠠᠯᠭᠠᠲᠠᠳ ᠪᠠᠷ᠎ᠠ ᠪᠣᠯᠵᠤ | ᠪᠠᠶᠢᠴᠠᠭᠠᠨ ᠰᠤᠳᠤᠯᠤᠯᠲᠠ ᠬᠢᠪᠡ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠦᠨᠳᠦᠰᠦᠨ ᠪᠠᠶᠢᠳᠠᠯ᠂ ᠬᠠᠪᠰᠤᠷᠤᠨ ᠲᠡᠳᠬᠦᠬᠦ | ᠲᠥᠷᠥ ᠶᠢᠨ ᠪᠣᠳᠣᠯᠭ᠎ᠠ᠂ ᠲᠥᠷᠥ ᠶᠢᠨ ᠪᠣᠳᠣᠯᠭ᠎ᠠ ᠶᠢ ᠰᠠᠶᠢᠨ ᠣᠶᠢᠯᠭᠠᠭᠰᠠᠨ ᠪᠠᠶᠢᠳᠠᠯ᠂ ᠨᠤᠷᠠᠬᠤ ᠠᠶᠤᠯᠲᠠᠶ ᠭᠡᠷ | ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠳᠠᠬᠢᠨ ᠡᠮᠬᠢᠯᠡᠨ ᠳᠢᠭᠯᠡᠬᠦ ᠠᠵᠢᠯ ᠢ ᠥᠷᠨᠢᠭᠦᠯᠦᠭᠰᠡᠨ ᠡᠰᠡᠬᠦ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠳᠠᠩᠰᠠ ᠡᠪᠬᠡᠮᠡᠯ ᠪᠠᠶᠢᠭᠤᠯᠤᠨ ᠺᠠᠷᠲᠯᠠᠭᠰᠠᠨ ᠶᠠᠳᠠᠭᠤ | ᠬᠦᠴᠢᠷᠳᠡᠯᠲᠡᠶ ᠡᠷᠦᠬᠡ ᠶᠢᠨ ᠭᠠᠳᠠᠷ ᠣᠷᠣᠨ ᠠᠴᠠ ᠢᠷᠡᠭᠰᠡᠨ ᠰᠤᠷᠤᠭᠴᠢᠳ ᠪᠠ ᠮᠠᠨ ᠤ ᠰᠢᠶᠠᠨ ᠤ | ᠰᠤᠷᠤᠭᠴᠢᠳ ᠤᠨ ᠰᠢᠶᠠᠨ ᠤ ᠬᠡᠪᠴᠢᠶᠡᠨ ᠤ ᠭᠠᠳᠠᠨ᠎ᠠ ᠰᠣᠷᠭᠠᠭᠤᠯᠢ ᠳᠤ ᠪᠠᠶᠢᠭ᠎ᠠ ᠪᠠᠶᠢᠳᠠᠯ᠂ ᠡᠷᠡᠭᠦᠯ ᠮᠡᠨᠳᠦ ᠪᠠᠷ | ᠶᠠᠳᠠᠭᠤ ᠶᠢ ᠲᠡᠳᠬᠦᠭᠰᠡᠨ ᠪᠠᠶᠢᠳᠠᠯ᠂ ᠲᠣᠰᠬᠤᠨ ᠤ ᠬᠠᠮᠲᠤ ᠶᠢᠨ ᠠᠵᠤ ᠠᠬᠤᠶ ᠶᠢ ᠬᠡᠷᠬᠢᠨ ᠳᠡᠭᠡᠭᠰᠢᠯᠡᠭᠦᠯᠬᠦ᠂ ᠲᠠᠪᠤᠨ | ᠱᠠᠲᠤᠨ ᠤ ᠱᠦᠵᠢ ᠶᠠᠳᠠᠭᠤ ᠶᠢ ᠲᠡᠳᠬᠦᠬᠦ ᠶᠢ ᠠᠳᠬᠤᠵᠤ ᠥᠷᠨᠢᠭᠦᠯᠦᠭᠰᠡᠨ ᠪᠠᠶᠢᠳᠠᠯ ᠵᠡᠷᠭᠡ ︽ᠭᠤᠷᠪᠠ ᠶᠢ | ᠨᠠᠶᠢᠳᠠᠪᠣᠷᠢᠵᠢᠭᠤᠯᠬᠤ ᠭᠤᠷᠪᠠ ᠶᠢ ᠣᠨᠣᠪᠴᠢᠲᠠᠶ ᠪᠠᠶᠢᠯᠭᠠᠬᠤ ᠭᠤᠷᠪᠠ ᠶᠢ ᠪᠠᠲᠤᠯᠠᠬᠤ︾ ᠠᠭᠤᠯᠭ᠎ᠠ ᠶᠢ ᠨᠠᠷᠢᠨ | ᠯᠠᠪᠯᠠᠨ ᠠᠰᠠᠭᠤᠬᠤ ᠶᠢᠨ ᠬᠠᠮᠲᠤ ᠶᠠᠳᠠᠭᠤ ᠬᠦᠴᠢᠷᠳᠡᠯᠲᠡᠶ ᠡᠷᠦᠬᠡ ᠶᠢᠨ ᠢᠯᠭᠠᠨ ᠲᠠᠨᠢᠬᠤ᠂ ᠬᠠᠪᠰᠤᠷᠤᠨ ᠲᠡᠳᠬᠦᠬᠦ᠂ | ᠤᠬᠤᠷᠢᠨ ᠭᠠᠷᠬᠤ ᠵᠡᠷᠭᠡ ᠠᠰᠠᠭᠤᠳᠠᠯ ᠤᠨ ᠲᠤᠬᠠᠶ ᠶᠠᠳᠠᠭᠤ ᠬᠦᠴᠢᠷᠳᠡᠯᠲᠡᠶ ᠡᠷᠦᠬᠡ ᠶᠢᠨ ᠭᠡᠷ ᠲᠤ ᠭᠦᠨᠵᠡᠭᠡᠶᠢᠷᠡᠨ | ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠨ ᠰᠤᠳᠤᠯᠤᠯᠲᠠ ᠬᠢᠪᠡ᠃ | ᠬᠤᠸᠠᠩ ᠵᠢᠶ ᠭᠠᠩ ᠵᠢᠭᠠᠵᠣ ᠭᠠᠷᠭᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠵᠢᠯ ᠨᠢᠭᠡᠨᠲᠡ ᠡᠴᠦᠰ ᠤᠨ ᠰᠢᠪᠲᠤᠯᠤᠯᠲᠠ ᠶᠢᠨ ᠱᠠᠲᠤᠨ ᠳᠤ ᠣᠷᠣᠪᠠ᠂ ᠰᠢᠶᠠᠩ ᠤᠨ ᠨᠠᠮ ᠤᠨ ᠬᠤᠷᠢᠶ᠎ᠠ ᠵᠠᠰᠠᠭ | ᠤᠨ ᠣᠷᠳᠣᠨ ᠨᠠᠷᠢᠯᠢᠭ ᠣᠨᠣᠪᠴᠢᠲᠠᠢ ᠪᠠᠷ ᠶᠠᠳᠠᠭᠤ ᠶᠢ ᠲᠡᠳᠬᠦᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ | ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ ᠨᠠᠮ ᠤᠨ ᠭᠡᠰᠢᠭᠦᠨ ᠤ ᠳᠠᠭᠠᠭᠤᠯᠬᠤ ᠦᠢᠯᠡᠳᠦᠯ᠂ | ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠰᠠᠭᠤᠷᠢ ᠲᠤᠭ᠎ᠠ ᠶᠢ ᠰᠠᠶᠢᠲᠣᠷ ᠣᠶᠢᠯᠠᠭᠠᠬᠤ ᠶᠢ ᠠᠬᠢᠭᠤᠯᠵᠤ᠂ ᠡᠷᠭᠢᠵᠦ | ᠪᠣᠴᠠᠨ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠶ ᠥᠷᠨᠢᠭᠦᠯᠵᠦ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ | ᠡᠷᠦᠬᠡ ᠶᠢᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠳᠤ ᠠᠷᠭ᠎ᠠ ᠤᠬᠠᠭᠠᠨ ᠰᠦᠪᠡᠭᠴᠢᠯᠡᠵᠦ᠂ ᠠᠷᠭ᠎ᠠ | ᠪᠣᠳᠣᠯᠭ᠎ᠠ ᠭᠠᠷᠭᠠᠵᠤ᠂ ᠣᠯᠠᠨ ᠲᠦᠮᠡᠨ ᠳᠤ ᠨᠠᠩ ᠣᠯᠠᠨ ᠪᠣᠳᠠᠲᠤ ᠠᠰᠢᠭ ᠬᠦᠷᠲᠡᠭᠡᠬᠦ ᠬᠡᠷᠡᠭᠲᠡᠶ︔ ᠬᠥᠳᠡᠭᠡ | ᠲᠣᠰᠬᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠠᠷᠢᠨ ᠨᠢᠭᠲᠠ ᠠᠵᠢᠯ ᠤᠨ ᠲᠥᠯᠥᠪᠯᠡᠭᠡ ᠶᠢ ᠰᠠᠶᠢᠲᠤᠷ | ᠬᠢᠵᠦ᠂ ᠣᠯᠠᠨ ᠲᠦᠮᠡᠨ ᠤ ᠪᠣᠳᠠᠲᠠᠶ ᠦᠢᠯᠡᠳᠪᠦᠷᠢᠯᠡᠯ ᠠᠮᠢᠳᠤᠷᠠᠯ ᠢᠶᠠᠷ ᠠᠵᠢᠯ ᠤᠨ ᠴᠢᠭᠯᠡᠯ ᠪᠣᠯᠭᠠᠵᠤ᠂ ᠣᠯᠠᠨ | ᠲᠦᠮᠡᠨ ᠤ ᠲᠤᠯᠭᠠᠮ᠎ᠠ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠢ ᠦᠨᠡᠨᠬᠦ ᠰᠢᠢᠳᠪᠦᠷᠢᠯᠡᠨ᠂ ᠣᠯᠠᠨ ᠲᠦᠮᠡᠨ ᠤ | ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠲᠡᠳᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ | ᠰᠠᠶᠢᠵᠢᠷᠠᠭᠤᠯᠬᠤ ᠬᠡᠷᠡᠭᠲᠡᠶ︔ ᠨᠠᠷᠢᠯᠢᠭ ᠣᠨᠣᠪᠴᠢᠲᠠᠢ ᠪᠠᠷ ᠶᠠᠳᠠᠭᠤ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ | ᠡᠯ᠎ᠡ ᠲᠠᠯ᠎ᠠ ᠶᠢᠨ ᠲᠥᠷᠦ ᠶᠢᠨ ᠪᠣᠳᠣᠯᠭ᠎ᠠ ᠪᠠᠷ ᠬᠠᠪᠰᠤᠷᠤᠨ ᠲᠡᠳᠬᠦᠬᠦ ᠪᠠᠷ ᠴᠢᠷᠮᠠᠶᠢᠵᠤ᠂ ᠠᠵᠤ ᠦᠢᠯᠡᠰ ᠤᠨ | ᠬᠥᠭᠵᠢᠯᠲᠡ ᠪᠠᠷ ᠳᠠᠭᠠᠭᠤᠯᠤᠭᠴᠢ ᠪᠣᠯᠭᠠᠵᠤ᠂ ᠰᠢᠶᠠᠨ ᠤ ᠬᠡᠪᠴᠢᠶᠠᠨ ᠤ ᠠᠵᠤ ᠠᠬᠤᠶ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠠᠢ ᠤᠶᠠᠯᠳᠤᠭᠤᠯᠵᠤ᠂ ᠨᠢᠭᠡᠳᠦᠯᠲᠡᠶ ᠳᠤ ᠲᠥᠯᠥᠪᠵᠢᠭᠦᠯᠦᠨ ᠠᠬᠢᠭᠤᠯᠵᠤ᠂ | ᠲᠣᠰᠬᠤᠨ ᠤ ᠬᠠᠮᠲᠤ ᠶᠢᠨ ᠠᠵᠤ ᠦᠢᠯᠡᠰ ᠤᠨ ᠣᠷᠣᠭᠤᠯᠤᠯᠲᠠ ᠭᠠᠷᠭᠠᠯᠲᠠ ᠶᠢ ᠬᠥᠭᠵᠢᠭᠦᠯᠦᠨ ᠪᠤᠵᠠᠭᠠᠶᠢᠷᠠᠭᠤᠯᠵᠤ᠂ | ᠠᠵᠤ ᠦᠢᠯᠡᠰ ᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠵᠦ᠂ ᠥᠷᠭᠡᠨ ᠣᠯᠠᠨ ᠲᠦᠮᠡᠨ ᠳᠤ ᠨᠠᠷᠢᠯᠢᠭ ᠣᠨᠣᠪᠴᠢᠲᠠᠢ | ᠪᠠᠷ ᠶᠠᠳᠠᠭᠤ ᠶᠢ ᠲᠡᠳᠬᠦᠬᠦ ᠪᠣᠳᠠᠲᠤ ᠦᠷ᠎ᠡ ᠪᠦᠲᠦᠮᠵᠢ ᠶᠢ ᠦᠨᠡᠨᠬᠦ ᠬᠦᠷᠲᠡᠭᠡᠵᠦ᠂ ᠢᠲᠡᠭᠡᠯ ᠵᠣᠷᠢᠭ ᠲᠠᠢ ᠪᠠᠷ | ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠢᠭᠵᠢᠭᠦᠯᠬᠦ ᠬᠡᠷᠡᠭᠲᠡᠶ ᠭᠡᠪᠡ᠃ |