ᠪᠦ᠋ ᠰᠢᠶᠣᠣ ᠯᠢᠨ ᠬᠤᠷᠢᠨᠭᠡᠷ ᠰᠢᠶᠠᠨ ᠳᠤ ᠭᠦᠨᠵᠡᠭᠡᠶᠢᠷᠡᠵᠦ ᠠᠮᠢ ᠠᠬᠤᠢ ᠶᠢᠨ ᠪᠦᠲᠦᠭᠡᠨ ᠪᠠᠶᠢᠭᠤᠯᠣᠯᠲᠠ᠂ ᠰᠦ ᠰᠠᠭᠠᠯᠢ ᠶᠢᠨ ᠦᠢᠯᠡᠰ ᠢ ᠬᠦᠭᠵᠢᠭᠦᠯᠦᠨ ᠮᠠᠨᠳᠣᠭᠤᠯᠬᠤ ᠠᠵᠢᠯ ᠢ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2019-12-03
     11 ᠳ᠋ᠦ᠋ᠭᠡᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠣ ᠯᠢᠨ ᠤᠷᠢᠳ ᠬᠤᠵᠢᠳ ᠥᠪᠥᠷ ᠮᠣᠩᠭᠤᠯ ᠤᠨ ᠮᠧᠩ ᠼᠤᠤ ᠠᠮᠢ ᠠᠬᠤᠢ ᠣᠷᠴᠢᠨ ᠲᠣᠭᠤᠷᠢᠨ ︵ᠪᠦᠯᠦᠭᠯᠡᠯ︶ ᠤ ᠬᠤᠪᠢᠴᠠᠭᠠᠲᠣ ᠬᠢᠵᠠᠭᠠᠷᠲᠣ ᠺᠤᠮᠫᠠᠨᠢ᠂ ᠥᠪᠥᠷ ᠮᠣᠩᠭᠤᠯ ᠤᠨ ᠮᠧᠩ ᠨᠢᠦ ᠰᠦ ᠰᠠᠭᠠᠯᠢ ᠶᠢᠨ ᠦᠢᠯᠡᠰ ︵ᠪᠦᠯᠦᠭᠯᠡᠯ︶ ᠤᠨ ᠬᠤᠪᠢᠴᠠᠭᠠᠲᠣ ᠬᠢᠵᠠᠭᠠᠷᠲᠣ ᠺᠤᠮᠫᠠᠨᠢ ᠳᠤ ᠭᠦᠨᠵᠡᠭᠡᠶᠢᠷᠡᠵᠦ᠂ ᠠᠮᠢ ᠠᠬᠤᠢ ᠶᠢᠨ ᠪᠦᠲᠦᠭᠡᠨ ᠪᠠᠶᠢᠭᠤᠯᠣᠯᠲᠠ᠂ ᠰᠦ ᠰᠠᠭᠠᠯᠢ ᠶᠢᠨ ᠦᠢᠯᠡᠰ ᠢ ᠬᠦᠭᠵᠢᠭᠦᠯᠦᠨ ᠮᠠᠨᠳᠣᠭᠤᠯᠬᠤ ᠵᠡᠷᠭᠡ ᠠᠵᠢᠯ ᠤᠨ ᠲᠣᠭᠤᠷᠢᠨ ᠳᠤ ᠪᠠᠶᠢᠴᠠᠭᠠᠨ ᠰᠣᠳᠣᠯᠣᠯᠲᠠ ᠬᠢᠪᠡ᠃      ᠪᠦ᠋ ᠰᠢᠶᠣᠣ ᠯᠢ ᠮᠧᠩ ᠼᠣᠣ·ᠡᠪᠡᠰᠦ ᠴᠡᠴᠡᠭ ᠤᠨ ᠬᠦᠷᠢᠶᠠᠯᠡᠩ ᠳᠤ ᠣᠷᠣᠵᠣ ᠣᠴᠢᠬᠤ ᠳᠤ ᠨᠢᠭᠡ ᠰᠠᠶᠢᠬᠠᠨ ᠨᠣᠮᠢᠨ ᠨᠣᠭᠤᠭᠠᠨ ᠪᠠᠶᠢᠯ᠎ᠠ᠂ ᠲᠡᠷᠡ ᠮᠧᠩ ᠼᠤᠤ ᠺᠤᠮᠫᠠᠨᠢ ᠶᠢᠨ ᠠᠮᠢ ᠠᠬᠤᠢ ᠶᠢᠨ ᠰᠡᠷᠭᠦᠭᠡᠯᠲᠡ ᠶᠢᠨ ᠲᠠᠯ᠎ᠠ ᠪᠠᠷ ᠠᠪᠣᠭᠰᠠᠨ ᠠᠷᠭ᠎ᠠ ᠬᠡᠮᠵᠢᠶ᠎ᠡ ᠵᠢᠴᠢ ᠦᠷ᠎ᠡ ᠪᠦᠲᠦᠮᠵᠢ ᠶᠢ ᠨᠠᠷᠢᠯᠢᠭ ᠠᠰᠠᠭᠤᠨ ᠯᠠᠪᠯᠠᠵᠣ᠂ ᠮᠧᠩ ᠼᠤᠤ ᠠᠮᠢ ᠠᠬᠤᠢ ᠶᠢᠨ ᠲᠣᠮᠣ ᠳ᠋ᠠᠶᠢᠲ᠋ᠠ ᠶᠢᠨ ᠲᠠᠪᠴᠠᠩ ᠤᠨ ᠦᠵᠡᠭᠦᠯᠦᠨ ᠲᠠᠨᠢᠯᠴᠠᠭᠤᠯᠭ᠎ᠠ ᠶᠢ ᠦᠵᠡᠪᠡ᠃ ᠪᠦ᠋ ᠰᠢᠶᠣᠣ ᠯᠢᠨ ᠠᠴᠠ ᠠᠵᠣ ᠠᠬᠤᠶᠢᠯᠠᠯ ᠢ ᠰᠢᠨᠵᠢᠯᠡᠬᠦ ᠤᠬᠠᠭᠠᠨ ᠮᠡᠷᠭᠡᠵᠢᠯ ᠤᠨ ᠰᠣᠳᠣᠯᠤᠨ ᠨᠡᠭᠡᠭᠡᠯᠲᠡ ᠪᠠ ᠰᠢᠨ᠎ᠡ ᠶᠢᠨ ᠡᠭᠦᠳᠬᠦ ᠬᠦᠴᠦᠯᠡᠴᠡ ᠪᠠᠨ ᠤᠯᠠᠮ ᠨᠢᠭᠡ ᠠᠯᠬᠤᠮ ᠨᠡᠮᠡᠭᠳᠡᠭᠦᠯᠬᠦ ᠶᠢ ᠬᠦᠰᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠣᠷ ᠲᠦᠪᠰᠢᠨ ᠤ ᠬᠠᠯᠬᠠᠪᠴᠢ ᠶᠢ ᠪᠠᠲᠣᠵᠢᠭᠤᠯᠬᠤ ᠪᠠ ᠦᠵᠡᠰᠭᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠪᠦ᠋ ᠰᠢᠶᠣᠣ ᠯᠢᠨ ᠮᠧᠩ ᠨᠢᠦ ᠰᠦ ᠰᠠᠭᠠᠯᠢ ᠶᠢᠨ ᠦᠢᠯᠡᠰ ᠲᠤ ᠠᠵᠣ ᠠᠬᠤᠶᠢᠯᠠᠯ ᠤᠨ ᠦᠨᠳᠦᠰᠦᠨ ᠪᠦᠲᠦᠭᠡᠨ ᠪᠠᠶᠢᠭᠤᠯᠣᠯᠲᠠ᠂ ᠪᠦᠲᠦᠭᠡᠭᠳᠡᠭᠦᠨ ᠤ ᠰᠣᠳᠣᠯᠤᠨ ᠨᠡᠭᠡᠭᠡᠯᠲᠡ᠂ ᠦᠢᠯᠡᠳᠪᠦᠷᠢᠯᠡᠯ ᠪᠣᠷᠣᠯᠠᠭᠤᠯᠭ᠎ᠠ᠂ ᠬᠦᠭᠵᠢᠯᠲᠡ ᠶᠢᠨ ᠲᠦᠯᠦᠪᠵᠢᠭᠦᠯᠭᠡ ᠵᠡᠷᠭᠡ ᠪᠠᠶᠢᠳᠠᠯ ᠢ ᠪᠠᠶᠢᠴᠠᠭᠠᠨ ᠰᠣᠳᠣᠯᠵᠤ᠂ ᠠᠵᠣ ᠠᠬᠤᠶᠢᠯᠠᠯ ᠢ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠬᠤ ᠶᠢ ᠵᠣᠷᠢᠭᠵᠢᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠣᠳᠣᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ ᠪᠦᠲᠦᠭᠡᠭᠳᠡᠭᠦᠨ ᠤ ᠴᠢᠨᠠᠷ ᠳᠡᠰ ᠪᠣᠯᠣᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ ᠭᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ ᠵᠢᠴᠢ ᠣᠷᠣᠨ᠂ ᠬᠤᠲᠠ᠂ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠪᠠᠷ᠎ᠠ ᠪᠣᠯᠵᠤ ᠪᠠᠶᠢᠴᠠᠭᠠᠨ ᠰᠣᠳᠣᠯᠣᠯᠲᠠ ᠬᠢᠪᠡ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号