ᠰᠢᠨ᠎ᠡ ᠬᠤᠲᠠ ᠲᠣᠭᠤᠷᠢᠭ ᠤᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠨᠡᠶᠢᠭᠡᠮ ᠤᠨ ᠠᠪᠤᠷᠠᠨ  ᠲᠤᠰᠠᠯᠠᠮᠵᠢ ᠶᠢᠨ ᠦᠪᠡᠰᠦᠪᠡᠨ ᠦᠢᠯᠡᠴᠢᠯᠡᠨ ᠭᠤᠶᠤᠴᠢᠯᠠᠬᠤ ᠲᠠᠪᠴᠠᠩ ᠵᠢᠩᠬᠢᠨᠢ ᠪᠠᠷ ᠰᠦᠯᠵᠢᠶᠡᠨ ᠳᠤ ᠣᠷᠣᠬᠤ ᠪᠣᠯᠤᠨ᠎ᠠ
ᠨᠡᠶᠢᠲᠡᠯᠡᠭᠰᠡᠨ ᠴᠠᠭ᠄
2019-12-04
     12 ᠳ᠋ᠤᠭᠠᠷ ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠤᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠯᠪᠠᠨ ᠭᠡᠷ ᠤᠨ ᠪᠦᠬᠦ ᠭᠡᠰᠢᠬᠦᠨ ᠨᠡᠶᠢᠭᠡᠮ ᠤᠨ ᠠᠪᠤᠷᠠᠨ ᠲᠤᠰᠠᠯᠠᠮᠵᠢ ᠶᠢᠨ ᠨᠢᠭᠡ ᠴᠣᠭᠴᠠ ᠶᠢᠨ ᠦᠪᠡᠰᠦᠪᠡᠨ ᠦᠢᠯᠡᠴᠢᠯᠡᠨ ᠭᠤᠶᠤᠴᠢᠯᠠᠬᠤ ᠲᠠᠪᠴᠠᠩ ᠪᠠ ᠸᠡᠶᠢᠴᠠᠲ ᠶᠢᠨ ᠭᠤᠶᠤᠴᠢᠯᠠᠬᠤ ᠲᠠᠪᠴᠠᠩ ᠤᠨ ᠰᠢᠰᠲ᠋ᠧᠮ ᠳᠤ ᠰᠢᠯᠭᠠᠨ ᠪᠠᠶᠢᠴᠠᠭᠠᠯᠲᠠ ᠬᠢᠵᠦ᠂ ᠤᠶᠢᠷ᠎ᠠ ᠳᠤ ᠲᠣᠰ ᠰᠢᠰᠲ᠋ᠧᠮ ᠢ ᠵᠢᠩᠬᠢᠨᠢ ᠪᠠᠷ ᠰᠦᠯᠵᠢᠶᠡᠨ ᠳᠤ ᠣᠷᠣᠭᠤᠯᠤᠨ ᠬᠡᠷᠡᠭᠯᠡᠬᠦ ᠪᠣᠯᠤᠨ᠎ᠠ᠃ ᠰᠦᠯᠵᠢᠶᠡᠨ ᠳᠤ ᠭᠠᠷᠤᠭᠰᠠᠨ ᠤ ᠳᠠᠷᠠᠭ᠎ᠠ᠂ ᠬᠦᠴᠢᠷᠳᠡᠯᠲᠡᠶ ᠣᠯᠠᠨ ᠲᠦᠮᠡᠨ ᠡᠯ᠎ᠡ ᠪᠠᠯᠭᠠᠰᠤ᠂ ᠬᠡᠷᠡᠭ ᠡᠷᠬᠢᠯᠡᠬᠦ ᠭᠠᠵᠠᠷ ᠤᠨ ᠠᠷᠠᠳ ᠤᠨ ᠶᠠᠪᠤᠳᠠᠯ ᠤᠨ ᠶᠡᠭᠡ ᠲᠢᠩᠬᠢᠮ ᠳᠤ ᠠᠪᠤᠷᠠᠨ ᠲᠤᠰᠠᠯᠠᠮᠵᠢ ᠶᠢᠨ ᠦᠪᠡᠰᠦᠪᠡᠨ ᠦᠢᠯᠡᠴᠢᠯᠡᠨ ᠭᠤᠶᠤᠴᠢᠯᠠᠬᠤ ᠨᠢᠭᠡ ᠪᠡᠶᠡᠲᠦ ᠮᠠᠰᠢᠨ ᠪᠠ ᠭᠠᠷ ᠤᠲᠠᠰᠤ ᠶᠢᠨ ᠸᠡᠶᠢᠴᠠᠲ ᠶᠢᠨ ᠦᠪᠡᠷ ᠤᠨ ᠲᠠᠪᠴᠠᠩ ᠳᠤ ᠭᠠᠷᠭᠠᠵᠤ᠂ ᠦᠪᠡᠷᠲᠡᠭᠡᠨ ᠭᠤᠶᠤᠴᠢᠯᠠᠬᠤ᠂ ᠭᠤᠶᠤᠴᠢᠯᠠᠨ ᠮᠡᠳᠡᠭᠦᠯᠬᠦ᠂ ᠭᠤᠶᠤᠴᠢᠯᠠᠬᠤ ᠠᠬᠢᠴᠠ ᠶᠢ ᠪᠠᠶᠢᠴᠠᠭᠠᠨ ᠯᠠᠪᠯᠠᠬᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠢᠯᠡ ᠨᠡᠶᠢᠲᠡᠯᠡᠬᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠣᠯᠠᠨ ᠲᠦᠮᠡᠨ ᠤ ᠬᠢᠨᠠᠯᠲᠠ ᠲᠠᠯᠪᠢᠬᠤ ᠵᠡᠷᠭᠡ ᠴᠢᠳᠠᠮᠵᠢ ᠶᠢ ᠪᠡᠶᠡᠯᠡᠭᠦᠯᠵᠦ᠂ ᠲᠤᠭ᠎ᠠ ᠪᠠᠷᠢᠮᠲᠠ ᠶᠢ ︽ᠢᠯᠡᠭᠦᠤ ᠭᠦᠶᠦᠯᠭᠡᠬᠦ︾ ᠶᠢ ᠪᠡᠶᠡᠯᠡᠭᠦᠯᠵᠦ᠂ ᠬᠦᠴᠢᠷᠳᠡᠯᠲᠡᠶ ᠣᠯᠠᠨ ᠲᠦᠮᠡᠨ ᠪᠠ ᠦᠨᠳᠦᠰᠦᠨ ᠱᠠᠲᠤᠨ ᠤ ᠠᠵᠢᠯᠲᠠᠨ ᠤ ︽ᠳᠤᠲᠠᠭᠤ ᠭᠦᠶᠦᠯᠭᠡᠬᠦ᠂ ᠭᠦᠶᠦᠯᠭᠡᠬᠦ ᠦᠭᠡᠢ︾ ᠬᠠᠷᠠᠯᠲᠠ ᠶᠢ ᠪᠡᠶᠡᠯᠡᠭᠦᠯᠵᠦ᠂ ᠡᠭᠦᠨ ᠤ ᠤᠯᠠᠮ ᠠᠴᠠ ᠠᠷᠠᠳ ᠤᠨ ᠶᠠᠪᠤᠳᠠᠯ ᠤᠨ ᠠᠵᠢᠯ ᠤᠨ ᠳᠦᠷᠢ ᠲᠥᠷᠬᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠨᠠᠷᠢᠯᠢᠭ ᠣᠨᠣᠴᠠᠲᠠᠶ ᠠᠮᠢᠳᠤᠷᠠᠯ ᠤᠨ ᠪᠠᠲᠤᠯᠠᠭ᠎ᠠ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠵᠢᠷᠤᠮᠵᠢᠭᠤᠯᠬᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠢᠯᠡ ᠲᠣᠳᠣ᠂ ᠠᠮᠢᠳᠤᠷᠠᠯ ᠤᠨ ᠪᠠᠲᠤᠯᠠᠭ᠎ᠠ ᠶᠢ ᠲᠥᠪ ᠭᠤᠤᠯᠴᠢ ᠪᠠᠶᠢᠬᠤ ᠶᠢ ᠪᠡᠶᠡᠯᠡᠭᠦᠯᠦᠨ᠎ᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号