ᠬᠦᠬᠡᠬᠤᠳᠠ ᠶᠢᠨ ᠠᠩᠬᠠᠳᠠᠬᠴᠢ ︽ᠴᠠᠭᠳᠠᠭ᠎ᠠ ᠲᠠᠭᠠᠳᠬᠠᠯ ᠬᠠᠮᠵᠢᠯᠴᠠᠬᠰᠠᠨ︾ ᠰᠦᠯᠵᠢᠶ᠎ᠡ ᠶᠢᠨ ᠴᠡᠭ ᠠᠰᠢᠬᠯᠠᠯᠳᠠ ᠳᠤ ᠤᠷᠤᠪᠠ
ᠨᠡᠶᠢᠲᠡᠯᠡᠭᠰᠡᠨ ᠴᠠᠭ᠄
2019-12-04
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠰᠢᠨᠡᠪᠢᠯᠢᠭ︶ ᠰᠤᠷᠪᠤᠯᠵᠢᠯᠠᠬᠴᠢ ᠲᠦᠷᠦᠬᠦᠬᠡᠨ ᠬᠥᠬᠡᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠠᠴᠠ ᠤᠶᠢᠯᠠᠭᠠᠭᠰᠠᠨ ᠢᠶᠠᠷ᠂ ᠬᠦᠬᠡᠬᠤᠳᠠ ᠶᠢᠨ ᠠᠩᠬᠠᠳᠠᠬᠴᠢ ︽ᠴᠠᠭᠳᠠᠭ᠎ᠠ ᠲᠠᠭᠠᠳᠬᠠᠯ ᠬᠠᠮᠵᠢᠯᠴᠠᠬᠰᠠᠨ︾ ᠰᠦᠯᠵᠢᠶᠡᠨ ᠴᠡᠭ ᠵᠢᠩᠬᠢᠨᠢ ᠪᠠᠷ ᠠᠰᠢᠬᠯᠠᠯᠳᠠ ᠳᠤ ᠤᠷᠤᠵᠤ᠂ ᠬᠤᠳᠠ ᠶᠢᠨ ᠠᠷᠠᠳ ᠲᠤᠮᠳᠠᠳᠤ ᠤᠯᠤᠰ ᠤᠨ ᠠᠷᠠᠳ ᠤᠨ ᠡᠳ᠋ ᠬᠦᠷᠦᠩᠬᠡ ᠶᠢᠨ ᠳᠠᠭᠠᠳᠬᠠᠯ ᠤᠨ ᠺᠣᠮᠫᠠᠨᠢ ᠶᠢᠨ ᠬᠥᠬᠡᠬᠤᠲᠠ ᠶᠢᠨ ᠬᠤᠪᠢᠶᠠᠷᠢ ᠺᠤᠮᠫᠠᠨᠢ ᠳᠤ ᠬᠦᠷᠪᠡᠯ ᠮᠠᠰᠢᠨ ᠲᠡᠷᠬᠡᠨ ᠤ ᠵᠠᠮᠨᠠᠬᠤ ᠦᠨᠡᠮᠯᠡᠯ ᠢᠶᠠᠨ ᠨᠦᠬᠦᠨ ᠠᠪᠬᠤ᠂ ᠮᠠᠰᠢᠨ ᠲᠡᠷᠬᠡᠨ ᠤ ᠵᠠᠮᠨᠠᠬᠤ ᠦᠨᠡᠮᠯᠡᠯ ᠢᠶᠠᠨ ᠰᠤᠯᠢᠨ ᠠᠪᠬᠤ᠂ ᠮᠠᠰᠢᠨ ᠲᠡᠷᠬᠡᠨ ᠤ ᠫᠠᠶᠢᠰᠠ ᠶᠢ ᠨᠥᠬᠦᠨ ᠠᠪᠬᠤ᠂ ᠮᠠᠰᠢᠨ ᠲᠡᠷᠬᠡᠨ ᠤ ᠫᠠᠶᠢᠰᠠ ᠶᠢ ᠰᠤᠯᠢᠨ ᠠᠪᠬᠤ᠂ ᠮᠠᠰᠢᠨ ᠲᠡᠷᠬᠡᠨ ᠤ ᠦᠯᠦ ᠪᠠᠶᠢᠴᠠᠭᠠᠬᠤ ᠲᠡᠮᠳᠡᠭ ᠢ ᠬᠢᠨᠠᠨ ᠲᠠᠷᠬᠠᠭᠠᠬᠤ ᠵᠡᠷᠬᠡ ᠲᠡᠷᠬᠡᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠰᠢᠢᠳᠪᠦᠷᠢᠯᠡᠵᠦ ᠪᠣᠯᠣᠨ᠎ᠠ᠃     ᠬᠦᠬᠡᠬᠤᠳᠠ ᠶᠢᠨ ᠠᠩᠬᠠᠳᠠᠬᠴᠢ ︽ᠴᠠᠭᠳᠠᠭ᠎ᠠ ᠲᠠᠭᠠᠳᠬᠠᠯ ᠬᠠᠮᠵᠢᠯᠴᠠᠬᠰᠠᠨ︾ ᠰᠦᠯᠵᠢᠶᠡᠨ ᠴᠡᠭ ᠢ ᠬᠦᠬᠡᠬᠤᠳᠠ ᠶᠢᠨ ᠮᠠᠰᠢᠨ ᠲᠡᠷᠬᠡᠨ ᠤ ᠬᠠᠮᠢᠶᠠᠷᠤᠯᠳᠠ ᠶᠢᠨ ᠭᠠᠵᠠᠷ ᠤᠨ ᠡᠷᠬᠡ ᠤᠯᠭᠤᠯᠳᠠ ᠪᠠᠷ᠂ ᠲᠤᠮᠳᠠᠳᠤ ᠤᠯᠤᠰ ᠤᠨ ᠠᠷᠠᠳ ᠤᠨ ᠡᠳ᠋ ᠬᠦᠷᠦᠩᠬᠡ ᠶᠢᠨ ᠳᠠᠭᠠᠳᠬᠠᠯ ᠤᠨ ᠺᠤᠮᠫᠠᠨᠢ ᠶᠢᠨ ᠬᠦᠬᠡᠬᠤᠳᠠ ᠶᠢᠨ ᠬᠤᠪᠢᠶᠠᠷᠢ ᠺᠤᠮᠫᠠᠨᠢ ᠠᠴᠠ ᠮᠠᠰᠢᠨ ᠲᠡᠷᠬᠡᠨ ᠤ ᠵᠠᠮᠨᠠᠬᠤ ᠦᠨᠡᠮᠯᠡᠯ ᠢ ᠨᠦᠬᠦᠨ ᠠᠪᠬᠤ᠂ ᠮᠠᠰᠢᠨ ᠲᠡᠷᠬᠡᠨ ᠤ ᠵᠠᠮᠨᠠᠬᠤ ᠦᠨᠡᠮᠯᠡᠯ ᠢ ᠰᠤᠯᠢᠨ ᠠᠪᠬᠤ᠂ ᠮᠠᠰᠢᠨ ᠲᠡᠷᠬᠡᠨ ᠤ ᠫᠠᠶᠢᠰᠠ ᠶᠢ ᠨᠦᠬᠦᠨ ᠠᠪᠬᠤ᠂ ᠮᠠᠰᠢᠨ ᠲᠡᠷᠬᠡᠨ ᠤ ᠫᠠᠶᠢᠰᠠ ᠶᠢ ᠰᠤᠯᠢᠨ ᠠᠪᠬᠤ ᠂ ᠮᠠᠰᠢᠨ ᠲᠡᠷᠬᠡᠨ ᠤ ᠦᠯᠦ ᠪᠠᠶᠢᠴᠠᠭᠠᠬᠤ ᠲᠡᠮᠳᠡᠭ ᠢ ᠬᠢᠨᠠᠨ ᠲᠠᠷᠬᠠᠭᠠᠬᠤ ᠵᠡᠷᠬᠡ ᠠᠵᠢᠯ ᠢ ᠤᠷᠤᠯᠠᠨ ᠭᠦᠢᠴᠡᠳᠬᠡᠨ᠎ᠡ᠃ ᠲᠤᠰ ᠰᠦᠯᠵᠢᠶᠡᠨ ᠴᠡᠭ ᠨᠢ ᠵᠢᠷᠢᠮ ᠵᠠᠮ ᠳᠠᠬᠢ ᠲᠤᠮᠳᠠᠳᠤ ᠤᠯᠤᠰ ᠤᠨ ᠠᠷᠠᠳ ᠤᠨ ᠡᠳ᠋ ᠬᠦᠷᠦᠩᠬᠡ ᠶᠢᠨ ᠳᠠᠭᠠᠳᠬᠠᠯ ᠤᠨ ᠺᠤᠮᠫᠠᠨᠢ ᠶᠢᠨ ᠬᠦᠬᠡᠬᠤᠳᠠ ᠶᠢᠨ ᠬᠤᠪᠢᠶᠠᠷᠢ ᠺᠤᠮᠫᠠᠨᠢ ᠶᠢᠨ ᠲᠤᠬᠠᠢᠢᠯᠠᠬᠰᠠᠨ ᠠᠵᠢᠯ ᠤᠨ ᠵᠦᠢ ᠶᠤᠰᠤ ᠪᠠᠷ ᠲᠦᠯᠦᠬᠦ ᠲᠦᠪ ᠲᠤ ᠪᠠᠶᠢᠷᠢᠯᠠᠵᠤ ᠪᠤᠢ᠃ ᠲᠤᠰ ᠠᠷᠭ᠎ᠠ ᠨᠢ ᠲᠤᠳᠤᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢᠨ ᠠᠵᠢᠯ ᠤᠨ ᠠᠬᠢᠴᠠ ᠶᠢ ᠴᠠᠭᠠᠰᠢᠳᠠ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠦᠬᠡᠢ ᠤᠯᠠᠨ ᠲᠦᠮᠡᠨ ᠳᠤ ︽ᠭᠡᠷ ᠤᠨ ᠡᠬᠦᠳᠡᠨ ᠲᠡᠭᠡᠷᠡᠬᠢ︾ ᠮᠠᠰᠢᠨ ᠲᠡᠷᠬᠡᠨ ᠤ ᠬᠠᠮᠢᠶᠠᠷᠤᠯᠳᠠ ᠶᠢᠨ ᠦᠢᠯᠡᠴᠢᠯᠡᠭᠡ ᠬᠠᠩᠭᠠᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号