ᠣᠯᠣᠰ ᠤᠨ ᠦᠨᠳᠦᠰᠦᠨ ᠬᠠᠤᠯᠢ ᠶᠢᠨ ᠡᠳᠦᠷ᠄ ᠰᠢᠨ᠎ᠡ ᠬᠤᠲᠠ ᠲᠣᠭᠤᠷᠢᠭ ᠤᠨ ᠦᠨᠳᠦᠰᠦᠨ ᠬᠠᠤᠯᠢ ᠶᠢ ᠤᠩᠰᠢᠬᠤ ᠳᠠᠭᠤᠨ ᠴᠢᠬᠢ ᠰᠡᠳᠬᠢᠯ ᠳᠤ ᠬᠠᠳᠠᠩᠰᠢᠵᠤ ᠬᠠᠮᠤᠭ ᠠᠴᠠ ᠰᠤᠨᠤᠰᠪᠤᠷᠢᠲᠠᠢ
ᠨᠡᠶᠢᠲᠡᠯᠡᠭᠰᠡᠨ ᠴᠠᠭ᠄
2019-12-05
     12 ᠳ᠋ᠤᠭᠠᠷ ᠰᠠᠷ᠎ᠠ ᠶᠢᠨ 4 ᠤ ᠡᠳᠦᠷ ᠪᠣᠯ ᠤᠯᠤᠰ ᠤᠨ ᠦᠨᠳᠦᠰᠦᠨ ᠬᠠᠤᠯᠢ ᠶᠢᠨ ᠡᠳᠦᠷ᠂ 4 ᠤ ᠦᠳᠡ  ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠦᠨᠳᠦᠰᠦᠨ ᠬᠠᠤᠯᠢ ᠶᠢ ᠤᠩᠰᠢᠬᠤ ᠠᠵᠢᠯᠯᠠᠭ᠎ᠠ ᠥᠷᠨᠢᠭᠦᠯᠪᠡ᠃
     ᠲᠥᠪ ᠴᠢᠩᠭ᠎ᠠ ᠣᠯᠣᠰ ᠤᠨ ᠳᠠᠭᠤᠤ ᠨᠢ ᠬᠤᠷᠠᠯ ᠤᠨ ᠲᠠᠯᠠᠪᠠᠢ ᠶᠢᠨ ᠨᠠᠮ ᠬᠥᠮ ᠪᠠᠶᠢᠳᠠᠯ ᠢ ᠡᠪᠳᠡᠵᠦ᠂ ᠲᠣᠰ ᠤᠳᠠᠭᠠᠨ ᠤ ᠤᠩᠰᠢᠯᠭ᠎ᠠ ᠶᠢᠨ ᠠᠵᠢᠯᠯᠠᠭᠠᠨ ᠤ ᠬᠥᠰᠢᠶ᠎ᠡ ᠶᠢ ᠡᠬᠢᠯᠡᠭᠦᠯᠪᠡ᠃      ︽ᠪᠢ ᠲᠠᠩᠭᠠᠷᠢᠭᠯᠠᠶ᠎ᠠ᠄ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠣᠯᠣᠰ ᠤᠨ ᠦᠨᠳᠦᠰᠦᠨ ᠬᠠᠤᠯᠢ ᠶᠢ ᠪᠠᠷᠢᠮᠲᠠᠯᠠᠵᠤ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠵᠤ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠡᠬᠡ ᠤᠯᠤᠰ ᠳᠤ ᠪᠠᠨ ᠦᠨᠡᠨᠴᠢ ᠰᠢᠳᠤᠷᠭᠤ᠂ ᠠᠷᠠᠳ ᠲᠦᠮᠡᠨ ᠳᠤ ᠪᠠᠨ ᠦᠨᠡᠨᠴᠢ ᠰᠢᠳᠤᠷᠭᠤ᠂ ᠡᠭᠦᠷᠭᠡ ᠲᠤᠰᠢᠶᠠᠯ ᠢᠶᠠᠨ ᠬᠢᠴᠢᠶᠠᠨᠬᠦ᠋ᠯᠠᠨ ᠭᠦᠢᠴᠡᠳᠭᠡᠵᠦ᠂ ᠠᠷᠢᠭᠤᠨ ᠴᠢᠬᠡᠴᠢ ᠪᠠᠷ ᠠᠵᠢᠯᠯᠠᠵᠤ᠂ ᠠᠷᠠᠳ ᠲᠦᠮᠡᠨ ᠤ ᠬᠢᠨᠠᠯᠲᠠ ᠶᠢ ᠬᠦᠯᠢᠶᠡᠵᠦ᠂ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠶ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠨ᠎ᠡ︕︾ ᠳᠠᠭᠠᠭᠤᠯᠤᠨ ᠲᠠᠩᠭᠠᠷᠢᠭᠯᠠᠭᠴᠢ ᠶᠢᠨ ᠳᠠᠭᠠᠭᠤᠯᠭ᠎ᠠ ᠳᠣᠤᠷ᠎ᠠ᠂ ᠬᠤᠷᠠᠯ ᠳᠤ ᠤᠷᠤᠯᠴᠠᠭᠰᠠᠨ ᠨᠦᠬᠦᠳ ᠪᠠᠷᠠᠭᠤᠨ ᠭᠠᠷ ᠢᠶᠠᠨ ᠨᠢᠳᠤᠷᠭᠠᠳᠠᠵᠤ᠂ ᠲᠥᠪ ᠴᠢᠩᠭ᠎ᠠ ᠪᠠᠷ ᠲᠠᠩᠭᠠᠷᠢᠭᠯᠠᠪᠠ᠃ ᠡᠷᠡᠰ ᠪᠠᠲᠤ ᠲᠠᠩᠭᠠᠷᠢᠭ ᠪᠣᠯ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ᠲᠤᠩᠬᠠᠭ ᠮᠥᠨ᠂ ᠦᠨᠳᠦᠰᠦᠨ ᠬᠠᠤᠯᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠠᠮᠠᠯᠠᠯᠲᠠ ᠮᠥᠨ᠃
     ᠳᠠᠷᠠᠭ᠎ᠠ ᠨᠢ᠂ ᠬᠤᠷᠠᠯ ᠳᠤ ᠤᠷᠤᠯᠴᠠᠭᠰᠠᠨ ᠪᠦᠬᠦ ᠨᠥᠬᠦᠳ ᠬᠦᠩᠭᠢᠨᠡᠮ᠎ᠡ ᠳᠠᠭᠤᠨ ᠢᠶᠠᠷ ᠦᠨᠳᠦᠰᠦᠨ ᠬᠠᠤᠯᠢ ᠶᠢ ᠤᠩᠰᠢᠪᠠ᠃ ︽ᠪᠦᠬᠦ ᠤᠯᠤᠰ ᠤᠨ ᠡᠯ᠎ᠡ ᠦᠨᠳᠦᠰᠦᠲᠡᠨ ᠤ ᠠᠷᠠᠳ ᠲᠦᠮᠡᠨ᠂ ᠠᠯᠢᠪᠠ ᠲᠥᠷᠦ ᠶᠢᠨ ᠪᠠᠶᠢᠭᠤᠯᠭ᠎ᠠ ᠪᠠ ᠵᠡᠪᠰᠡᠭᠲᠦ ᠬᠦᠴᠦᠨ᠂ ᠡᠯ᠎ᠡ ᠲᠥᠷᠦ ᠶᠢᠨ ᠨᠠᠮ ᠪᠠ ᠡᠯ᠎ᠡ ᠨᠡᠶᠢᠭᠡᠮ ᠤᠨ ᠪᠦᠯᠬᠦᠮ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠵᠣᠬᠢᠶᠠᠨ ᠪᠠᠶᠢᠭᠤᠯᠤᠯᠲᠠ ᠴᠥᠮ ᠦᠨᠳᠦᠰᠦᠨ ᠬᠠᠤᠯᠢ ᠪᠠᠷ ᠠᠵᠢᠯᠯᠠᠭᠠᠨ ᠤ ᠪᠠᠨ ᠦᠨᠳᠦᠰᠦᠨ ᠪᠠᠷᠢᠮᠵᠢᠶ᠎ᠠ ᠪᠣᠯᠭᠠᠬᠤ ᠬᠡᠷᠡᠭᠲᠡᠶ ᠪᠥᠭᠡᠳ ᠦᠨᠳᠦᠰᠦᠨ ᠬᠠᠤᠯᠢ ᠶᠢᠨ ᠨᠡᠷ᠎ᠡ ᠬᠦᠨᠳᠦ ᠶᠢ  ᠬᠠᠮᠠᠭᠠᠯᠠᠵᠤ᠂ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠶᠢ ᠪᠠᠲᠤᠯᠠᠬᠤ ᠡᠭᠦᠷᠭᠡ ᠬᠠᠷᠢᠭᠤᠴᠠᠯᠭ᠎ᠠ ᠲᠠᠢ᠃︾ ᠭᠡᠬᠦ ᠢᠷᠠᠭᠤ ᠬᠦᠩᠭᠢᠨᠡᠮ᠎ᠡ ᠤᠩᠰᠢᠯᠭ᠎ᠠ ᠶᠢᠨ ᠳᠠᠭᠤᠨ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠠᠴᠠ ᠤᠯᠠᠮᠵᠢᠯᠠᠭᠳᠠᠨ ᠭᠠᠷᠴᠤ᠂ ᠢᠳᠡ ᠬᠦᠴᠦᠲᠡᠶ ᠤᠩᠰᠢᠯᠭ᠎ᠠ ᠶᠢᠨ ᠳᠠᠭᠤᠨ ᠨᠢ ᠦᠨᠳᠦᠰᠦᠨ ᠬᠠᠤᠯᠢ ᠶᠢᠨ ᠲᠦᠪ ᠴᠢᠩᠭ᠎ᠠ ᠪᠠ ᠡᠷᠬᠢᠮ ᠳᠠᠷᠬᠠᠨ ᠪᠠᠶᠢᠳᠠᠯ ᠢ ᠳᠣᠪᠤᠶᠢᠯᠭᠠᠪᠠ᠃      ︽12 ᠰᠠᠷ᠎ᠠ ᠶᠢᠨ 4 ᠤ ᠡᠳᠦᠷ ᠪᠣᠯ ᠤᠯᠤᠰ ᠤᠨ ᠦᠨᠳᠦᠰᠦᠨ ᠬᠠᠤᠯᠢ ᠡᠳᠦᠷ ᠮᠥᠨ᠂ ᠪᠠᠰᠠ ᠤᠯᠤᠰ ᠤᠨ ᠬᠤᠶᠠᠳᠤᠭᠠᠷ ᠤᠳᠠᠭᠠᠨ ᠤ ᠦᠨᠳᠦᠰᠦᠨ ᠬᠠᠤᠯᠢ ᠶᠢ ᠤᠬᠠᠭᠤᠯᠬᠤ ᠭᠠᠷᠠᠭ ᠢ ᠤᠭᠳᠤᠭᠰᠠᠨ ᠪᠠᠶᠢᠨ᠎ᠠ᠃ ᠬᠤᠲᠠ ᠶᠢᠨ ᠨᠠᠮ ᠤᠨ ᠬᠤᠷᠢᠶ᠎ᠠ ᠶᠢᠨ ᠬᠠᠤᠯᠢ ᠪᠠᠷ ᠣᠷᠣᠨ ᠢᠶᠠᠨ ᠵᠠᠰᠠᠬᠤ ᠠᠯᠪᠠᠨ ᠭᠡᠷ ᠤᠨ ᠨᠢᠭᠡᠳᠦᠯᠲᠡᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠰᠢᠨ᠎ᠡ ᠬᠤᠲᠠ ᠲᠣᠭᠤᠷᠢᠭ ᠲᠤᠰᠬᠠᠶ 12.4 ᠦᠨᠳᠦᠰᠦᠨ ᠬᠠᠤᠯᠢ ᠶᠢ ᠤᠬᠠᠭᠤᠯᠤᠨ ᠤᠩᠰᠢᠬᠤ ᠬᠤᠪᠢᠶᠠᠷᠢ ᠬᠤᠷᠠᠯ ᠤᠨ ᠲᠠᠯᠠᠪᠠᠢ ᠪᠠᠶᠢᠭᠤᠯᠪᠠ᠃ ᠤᠳᠤᠷᠢᠳᠬᠤ ᠺᠠᠳ᠋ᠷ ᠤᠨ ᠲᠥᠪ ᠴᠢᠩᠭ᠎ᠠ ᠦᠨᠳᠦᠰᠦᠨ ᠬᠠᠤᠯᠢ ᠲᠠᠩᠭᠠᠷᠢᠭᠯᠠᠬᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠦᠨᠳᠦᠰᠦᠨ ᠬᠠᠤᠯᠢ ᠶᠢ ᠲᠥᠪᠯᠡᠷᠡᠭᠦᠯᠦᠨ ᠰᠤᠷᠤᠯᠴᠠᠨ ᠤᠬᠠᠭᠤᠯᠵᠤ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠪᠠ᠃ ᠦᠨᠳᠦᠰᠦᠨ ᠬᠠᠤᠯᠢ ᠶᠢ ᠲᠦᠯᠬᠢᠨ ᠠᠬᠢᠭᠤᠯᠵᠤ ᠬᠦᠮᠦᠰ ᠤᠨ ᠰᠡᠳᠭᠢᠯ ᠳᠤ ᠭᠦᠨᠵᠡᠭᠡᠶᠢᠷᠡᠭᠦᠯᠦᠨ᠎ᠡ᠃ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠶᠢ ᠠᠬᠢᠭᠤᠯᠵᠤ᠂ ᠬᠠᠤᠯᠢ ᠪᠠᠷ ᠵᠠᠰᠠᠬᠤ ᠰᠢᠨ᠎ᠡ ᠬᠤᠲᠠ ᠳᠤ ᠰᠠᠶᠢᠨ ᠰᠠᠢᠬᠠᠨ ᠨᠡᠶᠢᠭᠡᠮ ᠤᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠭᠦᠨ᠎ᠡ᠃︾ ᠭᠡᠵᠦ ᠰᠢᠨ᠎ᠡ ᠬᠤᠲᠠ ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ᠶᠢᠨ ᠳᠠᠷᠤᠭ᠎ᠠ ᠸᠠᠩ ᠭᠦᠸᠧ ᠫᠢᠩ ᠰᠤᠷᠪᠤᠯᠵᠢᠯᠠᠭᠴᠢ ᠳᠤ ᠬᠡᠯᠡᠵᠡᠶ᠃
     ᠰᠢᠨ᠎ᠡ ᠬᠤᠲᠠ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠶᠢᠨ ᠳᠡᠳ᠋ ᠡᠷᠬᠢᠯᠡᠭᠴᠢ ᠡᠤ ᠰᠦ ᠴᠢᠩ᠂ ᠶᠠᠩ ᠶᠠᠨ᠂ ᠶᠠᠩ ᠬᠤᠢ ᠶᠦᠨ᠂ ᠰᠢᠨ᠎ᠡ ᠬᠤᠲᠠ ᠲᠣᠭᠤᠷᠢᠭ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠰᠢᠤ ᠱᠢ ᠵᠢᠶᠦ᠋ᠨ᠂ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠭᠠᠵᠠᠷ ᠤᠨ ᠳᠡᠰ ᠤᠨ ᠳᠠᠷᠤᠭ᠎ᠠ ᠯᠢ ᠵᠢᠶᠠᠨ ᠫᠢᠩ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ᠂ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ᠂ ᠰᠢᠭᠦᠬᠦ ᠬᠤᠷᠢᠶ᠎ᠠ ᠶᠢᠨ ᠭᠤᠤᠯ ᠬᠠᠷᠢᠭᠤᠴᠠᠯᠭᠠᠲᠠᠨ ᠵᠢᠴᠢ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号