ᠶᠦᠨ ᠬᠠᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2019-12-06
     ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠪᠠᠶᠠᠯᠢᠭ ᠠᠭᠤᠯᠤᠭᠳᠠᠬᠤᠨ ᠢ ᠨᠠᠩ ᠰᠠᠶᠢᠲᠤᠷ ᠣᠶᠢᠯᠠᠭᠠᠵᠤ᠂ ᠦᠴᠤᠸᠠᠨ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠬᠤ ᠶᠢᠨ ᠲᠥᠯᠥᠭᠡ᠂12 ᠰᠠᠷ᠎ᠠ ᠶᠢᠨ 5 ᠤ ᠡᠳᠦᠷ ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠬᠠᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠶ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠢᠶᠧ ᠴᠢᠦᠶ ᠫᠢᠩ ᠬᠤᠷᠠᠯ ᠡᠷᠬᠢᠯᠡᠵᠦ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠫᠧᠩ ᠱᠤᠤ ᠴᠥᠩ ᠵᠢᠴᠢ ᠡᠯ᠎ᠡ ᠰᠢᠶᠠᠩ ᠪᠠᠯᠭᠠᠰᠤᠨ ᠤ ᠪᠦᠬᠦ ᠺᠠᠳ᠋ᠷ ᠠᠵᠢᠯᠲᠠᠨ ᠠᠵᠢᠯᠴᠢᠨ ᠬᠤᠷᠠᠯ ᠳᠤ ᠣᠷᠣᠯᠴᠠᠪᠠ᠃      ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠯᠲᠠ‌‍ᠲ᠋ᠤᠮᠳᠠ᠂ ᠶᠦᠨ ᠬᠠᠢ ᠨᠠᠮ ᠤᠨ ᠲᠥᠪ ᠬᠤᠷᠢᠶ᠎ᠠ ᠶᠢᠨ ᠲᠣᠭᠲᠠᠭᠠᠭᠰᠠᠨ ᠪᠥᠬᠦᠳᠡ ᠬᠤᠷᠠᠯ ᠤᠨ ᠭᠤᠤᠯ ᠰᠡᠳᠦᠪ ᠢ ᠭᠦᠨᠵᠡᠭᠡᠶ ᠪᠣᠳᠣᠯᠬᠢᠯᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠥᠪ ᠬᠤᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠪᠡ︔ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠢᠯᠡᠳᠲᠡ ᠳᠠᠪᠠᠭᠤᠯᠢᠭ ᠢ ᠭᠦᠢᠴᠡᠳ ᠲᠠᠨᠢᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠤᠨ ᠢᠲᠡᠭᠡᠯ ᠢ ᠪᠠᠲᠤᠳᠬᠠᠬᠤ ᠬᠡᠷᠡᠭᠲᠡᠶ︔ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠶᠡᠷᠦᠩᠬᠡᠶ ᠱᠠᠭᠠᠷᠳᠠᠯᠭ᠎ᠠ᠂ ᠶᠡᠷᠦᠩᠬᠡᠶ ᠬᠠᠷᠠᠯᠲᠠ ᠪᠠ ᠭᠤᠤᠯᠳᠠᠯᠭ᠎ᠠ ᠲᠠᠢ ᠡᠭᠦᠷᠭᠡ ᠶᠢ ᠣᠨᠣᠪᠴᠢᠲᠠᠶ ᠡᠵᠡᠮᠰᠢᠬᠦ ᠬᠡᠷᠡᠭᠲᠡᠶ︔ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠪᠥᠬᠦᠳᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠵᠡᠷᠭᠡ ᠳᠥᠷᠪᠡᠨ ᠲᠠᠯ᠎ᠠ ᠪᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠲᠣᠳᠣᠷᠬᠠᠶᠢᠯᠠᠨ ᠥᠭᠦᠯᠡᠵᠦ᠂ ᠳᠤᠮᠳᠠᠳᠤ ᠤᠯᠤᠰ ‍ᠦᠨ‌ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠪᠣᠯᠤᠨ ᠤᠯᠤᠰ ᠢ ᠵᠠᠰᠠᠬᠤ ᠰᠢᠰᠲ᠋ᠧᠮ ᠤᠨ ᠢᠯᠡᠳᠲᠡ ᠳᠠᠪᠠᠭᠤᠯᠢᠭ ᠢ  ᠲᠠᠶᠢᠯᠪᠤᠷᠢᠯᠠᠵᠤ᠂ ᠪᠥᠬᠦᠳᠡ ᠬᠤᠷᠠᠯ ᠤᠨ ︽ᠲᠣᠭᠲᠠᠭᠠᠯ︾ ᠳᠤ ᠳᠤᠷᠠᠳᠤᠭᠰᠠᠨ ᠶᠡᠷᠦᠩᠬᠡᠶ ᠱᠠᠭᠠᠷᠳᠠᠯᠭ᠎ᠠ᠂ ᠶᠡᠷᠦᠩᠬᠡᠶ ᠬᠠᠷᠠᠯᠲᠠ ᠪᠣᠯᠤᠨ ᠭᠤᠤᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠰᠢᠰᠲ᠋ᠧᠮ ᠲᠠᠢ ᠲᠠᠶᠢᠯᠤᠮᠵᠢ ᠬᠢᠵᠦ᠂ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠂ ᠪᠠᠶᠢᠭᠤᠯᠤᠯ ᠤᠨ ᠢᠲᠡᠭᠡᠯ ᠢᠶᠠᠨ ᠪᠠᠲᠤᠳᠬᠠᠬᠤ᠂ ᠪᠥᠭᠦᠳᠡ ᠬᠤᠷᠠᠯ ᠤᠨ ᠵᠣᠷᠢᠭ ᠰᠠᠨᠠᠭ᠎ᠠ ᠶᠢᠨ ᠤᠬᠠᠮᠰᠠᠷᠲᠤ ᠴᠢᠨᠠᠷ ᠪᠠ ᠡᠷᠡᠰ ᠪᠠᠲᠤ ᠴᠢᠨᠠᠷ ᠢ ᠲᠠᠰᠤᠷᠠᠯᠲᠠ ᠦᠭᠡᠢ ᠴᠢᠩᠭᠠᠳᠬᠠᠨ ᠨᠠᠶᠢᠳᠠᠪᠤᠷᠢᠵᠢᠭᠤᠯᠬᠤ ᠳᠤ ᠮᠠᠰᠢ ᠶᠡᠭᠡ ᠰᠡᠩᠬᠡᠷᠡᠭᠦᠯᠬᠦ ᠦᠢᠯᠡᠳᠦᠯ ᠦᠵᠡᠭᠦᠯᠪᠡ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠬᠢᠨ ᠤᠬᠠᠭᠤᠯᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠰᠤᠷᠤᠯᠴᠠᠨ ᠲᠤᠭᠤᠰᠢᠯᠠᠭᠤᠯᠬᠤ ᠠᠵᠢᠯ ᠢ ᠦᠳᠲᠡᠷ ᠲᠦᠷᠭᠡᠨ ᠥᠷᠨᠢᠭᠦᠯᠬᠦ ᠬᠡᠷᠡᠭᠲᠡᠶ᠃ ᠤᠨᠤᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢ ᠰᠠᠶᠢᠲᠤᠷ ᠠᠳᠬᠤᠬᠤ ᠶᠢᠨ ᠬᠠᠮᠲᠤ᠂ ᠤᠨᠤᠯ ᠤᠨ ᠤᠬᠠᠭᠤᠯᠤᠨ ᠲᠠᠶᠢᠯᠪᠤᠷᠢᠯᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠪᠥᠭᠦᠳᠡ ᠬᠤᠷᠠᠯ ᠤᠨ ᠵᠣᠷᠢᠭ ᠰᠠᠨᠠᠭ᠎ᠠ ᠶᠢᠨ ᠦᠨᠳᠦᠰᠦᠨ ᠱᠠᠲᠤᠨ ᠳᠤ ᠭᠦᠨᠵᠡᠭᠡᠶᠢᠷᠡᠵᠤ᠂ ᠬᠥᠮᠦᠨ ᠤ ᠰᠡᠳᠬᠢᠯ ᠳᠤ ᠬᠠᠳᠠᠩᠰᠢᠬᠤ ᠶᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号