| | | 12 ᠰᠠᠷ᠎ᠠ ᠶᠢᠨ 4 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ | ᠨᠠᠮ ᠤᠨ ᠬᠤᠷᠢᠶ᠎ᠠ ᠶᠢᠨ ᠱᠦᠵᠢ ᠶᠦᠨ ᠬᠠᠢ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠤᠯ | ᠳᠤᠭᠤᠶᠢᠯᠠᠩ ᠤᠨ 2019 ᠣᠨ ᠤ 19 ᠳ᠋ᠦ᠋ᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ | ᠡᠷᠬᠢᠯᠡᠨ ᠬᠤᠷᠠᠯᠳᠤᠭᠤᠯᠪᠠ᠃ | ᠬᠤᠷᠠᠯ ᠳᠡᠭᠡᠷ᠎ᠡ᠂ ᠰᠢᠶᠠᠨ ᠤ ᠤᠳᠤᠷᠢᠳᠤᠯᠭ᠎ᠠ ᠶᠢᠨ ᠴᠦᠨ ᠯᠢᠶᠠᠩ᠂ ᠭᠦᠩ ᠸᠧᠶ ᠴᠦᠨ᠂ ᠬᠠᠳᠠ᠂ ᠰᠢᠤᠢ | ᠶᠢᠨ ᠭᠸᠤ᠂ ᠯᠢᠦ ᠳ᠋ᠦᠩ ᠱᠧᠩ᠂ ᠰᠢᠶᠧ ᠴᠢᠦᠶ ᠫᠢᠩ᠂ ᠫᠧᠩ ᠱᠣᠣ ᠴᠥᠩ᠂ ᠶᠠᠨ ᠢ᠂ ᠼᠤᠤ ᠽᠢ ᠯᠢ ᠠᠴᠠ | ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠳᠥᠷᠪᠡᠳᠦᠭᠡᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠣᠶᠢᠯᠭᠠᠭᠰᠠᠨ | ᠲᠤᠬᠠᠶ ᠶᠠᠷᠢᠶ᠎ᠠ ᠲᠠᠯᠪᠢᠪᠠ᠃ | ᠶᠦᠨ ᠬᠠᠢ ᠱᠠᠭᠠᠷᠳᠠᠭᠰᠠᠨ ᠨᠢ᠂ ᠨᠢᠭᠡ ᠳᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠴᠢᠬᠤᠯᠠ ᠠᠭᠤᠯᠤᠭᠳᠠᠬᠤᠨ ᠢ ᠭᠦᠨᠵᠡᠭᠡᠶ | ᠲᠠᠨᠢᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠦᠨᠡᠨᠬᠦ ᠵᠣᠷᠢᠭ ᠰᠠᠨᠠᠭ᠎ᠠ ᠶᠢ ᠲᠤᠭᠤᠰᠢᠯᠠᠭᠤᠯᠬᠤ | ᠳᠡᠭᠡᠷ᠎ᠡ ᠨᠢᠭᠡᠳᠬᠡᠬᠦ ᠬᠡᠷᠡᠭᠲᠡᠶ︔ ᠬᠤᠶᠠᠷ ᠲᠤ ᠤᠯᠤᠰ ᠲᠥᠷᠦ ᠶᠢᠨ ᠵᠣᠭᠰᠤᠯᠲᠠ ᠪᠠᠨ ᠦᠨᠳᠦᠷᠵᠢᠭᠦᠯᠵᠤ᠂ ᠪᠥᠬᠦ | ᠰᠢᠶᠠᠨ ᠢᠶᠠᠷ ᠢᠶᠠᠨ ᠪᠥᠭᠦᠳᠡ ᠬᠤᠷᠠᠯ ᠤᠨ ᠵᠣᠷᠢᠭ ᠰᠠᠨᠠᠭ᠎ᠠ ᠶᠢ ᠳᠤᠷᠤᠯᠴᠠᠨ ᠲᠤᠭᠤᠰᠢᠯᠠᠭᠤᠯᠬᠤ ᠠᠭᠤᠷ ᠠᠮᠢᠰᠬᠤᠯ ᠢ | ᠪᠤᠢ ᠪᠤᠯᠭᠠᠬᠤ ᠬᠡᠷᠡᠭᠲᠡᠢ︔ ᠭᠤᠷᠪᠠ ᠳᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ | ᠰᠠᠶᠢᠲᠤᠷ ᠠᠳᠬᠤᠵᠤ᠂ ᠪᠣᠳᠠᠲᠤ ᠦᠷ᠎ᠡ ᠪᠦᠲᠦᠮᠵᠢ ᠪᠠᠷ ᠰᠤᠷᠤᠯᠴᠠᠯᠭ᠎ᠠ ᠶᠢᠨ ᠦᠷ᠎ᠡ ᠪᠥᠲᠦᠮᠵᠢ ᠶᠢ ᠰᠢᠯᠭᠠᠬᠤ | ᠬᠡᠷᠡᠭᠲᠡᠢ ᠭᠡᠪᠡ᠃ | ᠬᠤᠷᠠᠯ ᠠᠴᠠ ᠪᠠᠰᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ | ᠬᠤᠷᠠᠯ ᠤᠨ ᠢᠯᠡᠳᠬᠡᠯ ᠢ ᠲᠤᠭᠤᠷᠪᠢᠭᠰᠠᠨ ᠠᠬᠤᠶ ᠪᠠᠢᠳᠠᠯ ᠪᠣᠯᠤᠨ ᠰᠢ ᠶᠢᠨ ᠫᠢᠩ ᠤᠨ ︽ᠲᠣᠭᠲᠠᠭᠠᠯ ︵ᠶᠠᠷᠢᠯᠴᠠᠬᠤ | ᠨᠣᠣᠷᠠᠭ︶︾ ᠤᠨ ᠲᠤᠬᠠᠶ ᠪᠥᠬᠦᠳᠡ ᠬᠤᠷᠠᠯ ᠳᠤ ᠬᠢᠭᠰᠡᠨ ᠲᠣᠳᠣᠷᠬᠠᠶᠢᠯᠠᠯᠲᠠ ᠶᠢ ᠤᠯᠠᠮᠵᠢᠯᠠᠨ ᠰᠤᠷᠤᠯᠴᠠᠪᠠ᠃ |