12 ᠳ᠋ᠤᠭᠠᠷ ᠰᠠᠷ᠎ᠠ ᠶᠢᠨ 5 ᠤ ᠡᠳᠦᠷ᠂ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠰᠢᠨ᠎ᠡ | ᠬᠤᠲᠠ ᠲᠣᠭᠤᠷᠢᠭ ᠤᠨ ᠵᠦᠩ ᠱᠠᠨ ᠵᠡᠭᠦᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠰᠢᠨᠬᠤᠸᠠ ᠨᠡᠶᠢᠭᠡᠮ ᠲᠤᠭᠤᠷᠢᠭ ᠲᠤ ᠬᠦᠷᠴᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ | ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃ | | | | | | ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ᠂ ᠬᠤᠲᠠ ᠶᠢᠨ ᠠᠮᠢ ᠠᠬᠤᠶ | ᠣᠷᠴᠢᠨ ᠲᠣᠭᠤᠷᠢᠨ ᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ | ᠳ᠋ᠦᠩ ᠱᠧᠩ ᠨᠠᠮ ᠤᠨ ᠭᠡᠰᠢᠭᠦᠨ ᠺᠠᠳ᠋ᠷ ᠲᠤ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠪᠡ᠃ | | | | | | ᠳ᠋ᠦᠩ ᠱᠧᠩ ᠨᠠᠮ ᠤᠨ ᠲᠥᠪ ᠬᠤᠷᠢᠶ᠎ᠠ ᠠᠴᠠ ᠪᠥᠬᠦᠳᠡ ᠬᠤᠷᠠᠯ ᠤᠨ ᠭᠤᠤᠯ ᠰᠡᠳᠦᠪ ᠢ ᠲᠤᠭᠳᠠᠭᠠᠵᠤ | ᠠᠯᠤᠰ ᠬᠤᠯᠠ ᠶᠢ ᠪᠤᠳᠤᠯᠬᠢᠯᠠᠭᠰᠠᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠲᠥᠪ | ᠬᠤᠷᠢᠶ᠎ᠠ ᠶᠢᠨ ᠵᠣᠷᠢᠭ ᠰᠠᠨᠠᠭ᠎ᠠ ᠳᠡᠭᠡᠷ᠎ᠡ ᠨᠢᠭᠡᠲᠦᠭᠦᠯᠬᠦ︔ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮᠵᠢ ᠪᠠ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠪᠠ | ᠢᠯᠡᠷᠬᠡᠢ ᠳᠠᠪᠠᠭᠤᠯᠢᠭ ᠲᠠᠯ᠎ᠠ ᠢ ᠭᠦᠢᠴᠡᠳ ᠲᠠᠨᠢᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠪᠠᠶᠢᠭᠤᠯᠤᠯ ᠤᠨ ᠢᠲᠡᠭᠡᠯ ᠢ ᠪᠠᠳᠤᠳᠬᠠᠨ᠎ᠠ︔ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠪᠠᠶᠢᠭᠤᠯᠤᠯ ᠢ ᠪᠠᠷᠢᠮᠲᠠᠯᠠᠬᠤ ᠪᠠ ᠲᠡᠭᠦᠯᠳᠡᠷᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠡᠷᠦᠩᠬᠡᠶ ᠱᠠᠭᠠᠷᠳᠠᠯᠭ᠎ᠠ ᠪᠣᠯᠤᠨ ᠶᠡᠷᠦᠩᠬᠡᠶ ᠬᠠᠷᠠᠯᠲᠠ᠂ | ᠭᠤᠤᠯᠳᠠᠯᠭ᠎ᠠ ᠲᠠᠢ ᠡᠭᠦᠷᠭᠡ ᠶᠢ ᠣᠨᠣᠪᠴᠢᠲᠠᠶ ᠡᠵᠡᠮᠳᠡᠬᠦ ᠬᠡᠷᠡᠭᠲᠡᠶ︔ ᠨᠠᠮ ᠤᠨ ᠳᠤᠮᠳᠠᠳᠤ ᠤᠯᠤᠰ ᠤᠨ ᠣᠨᠴᠠᠯᠢᠭ | ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠣᠯᠣᠰ ᠤᠨ ᠵᠠᠰᠠᠯᠲᠠ ᠶᠢᠨ ᠰᠢᠰᠲ᠋ᠧᠮᠵᠢ | ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠲᠤᠬᠠᠶ ᠤᠳᠤᠷᠢᠳᠤᠯᠭ᠎ᠠ ᠶᠢ | ᠴᠢᠩᠭᠠᠳᠬᠠᠵᠤ᠂ ᠪᠥᠬᠦᠳᠡ ᠬᠤᠷᠠᠯ ᠠᠴᠠ ᠲᠣᠭᠲᠠᠭᠠᠭᠰᠠᠨ ᠡᠯ᠎ᠡ ᠵᠤᠶᠢᠯ ᠤᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠵᠡᠷᠭᠡ ᠲᠠᠯ᠎ᠠ ᠪᠠᠷ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ | ᠲᠠᠶᠢᠯᠪᠤᠷᠢᠯᠠᠪᠠ᠃ | | | | | | ᠬᠤᠷᠠᠯ ᠳᠤ ᠣᠷᠣᠯᠴᠠᠭᠰᠠᠳ ᠰᠣᠨᠣᠰᠤᠭᠰᠠᠨ ᠤ ᠳᠠᠷᠠᠭ᠎ᠠ᠂ ᠤᠬᠠᠭᠤᠯᠤᠨ ᠲᠠᠶᠢᠯᠪᠤᠷᠢᠯᠠᠭᠰᠠᠨ ᠠᠭᠤᠯᠭ᠎ᠠ ᠨᠢ | ᠰᠢᠰᠲ᠋ᠧᠮ ᠲᠠᠢ ᠪᠥᠭᠡᠳ ᠠᠮᠢᠳᠤᠯᠢᠭ ᠪᠠᠶᠢᠵᠤ᠂ ᠬᠦᠮᠦᠰ ᠲᠤ ᠭᠦᠨ ᠬᠥᠮᠦᠵᠢᠯ ᠪᠠ ᠰᠡᠩᠭᠡᠷᠡᠭᠦᠯᠦᠯ ᠬᠦᠷᠲᠡᠭᠡᠵᠦ᠂ ︽ | ᠵᠡᠭᠡᠯᠢ ᠭᠤᠳᠤᠮᠵᠢ ᠶᠢᠨ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ᠂ ᠪᠢᠳᠡ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢ ︿ᠳᠥᠷᠪᠡᠨ ᠤᠬᠠᠮᠰᠠᠷ﹀ ᠢᠶᠠᠨ ᠴᠢᠩᠭᠠᠳᠬᠠᠵᠤ ︿ᠳᠥᠷᠪᠡᠨ ᠢᠲᠡᠭᠡᠯ﹀ ᠢᠶᠠᠨ ᠪᠠᠳᠤᠳᠬᠠᠵᠤ᠂ | ︿ᠬᠤᠶᠠᠷ ᠢ ᠬᠠᠮᠠᠭᠠᠯᠠᠬᠤ﹀ ᠶᠢ ᠪᠡᠶᠡᠯᠡᠭᠦᠯᠬᠦ ᠤᠬᠠᠮᠰᠠᠷᠲᠤ ᠠᠵᠢᠯᠯᠠᠭ᠎ᠠ ᠪᠠ ᠪᠣᠳᠠᠲᠠᠶ ᠰᠢᠯᠭᠠᠨ ᠪᠠᠶᠢᠴᠠᠭᠠᠯᠲᠠ | ᠪᠣᠯᠭᠠᠬᠤ ᠬᠡᠷᠡᠭᠲᠡᠶ ᠭᠡᠵᠦ ᠢᠯᠡᠳᠬᠡᠵᠡᠭᠡᠪᠡ᠃ ᠲᠠᠷᠠᠭᠠᠴᠢ ᠶᠢᠨ ᠠᠯᠬᠤᠮ ᠳᠤ᠂ ᠪᠢᠳᠡ ᠵᠡᠭᠡᠯᠢ ᠭᠤᠳᠤᠮᠵᠢ ᠶᠢᠨ | ᠨᠠᠮ ᠤᠨ ᠭᠡᠰᠢᠭᠦᠨ ᠺᠠᠳ᠋ᠷᠴᠤᠳ ᠢ ᠳᠠᠶᠢᠴᠢᠯᠠᠨ᠂ ᠵᠢᠵᠢᠭ ᠲᠣᠭᠤᠷᠢᠭ ᠲᠤ ᠬᠦᠷᠴᠦ᠂ ᠵᠠᠬ᠎ᠠ ᠳᠡᠯᠭᠡᠭᠦᠷ ᠲᠤ ᠬᠦᠷᠬᠦ | ᠵᠡᠷᠭᠡ ᠠᠵᠢᠯ ᠢᠶᠠᠷ ᠳᠠᠮᠵᠢᠭᠤᠯᠤᠨ᠂ ᠰᠠᠭᠤᠭᠠᠯᠢ ᠠᠷᠠᠳ ᠲᠤ ᠪᠥᠬᠦ ᠲᠠᠯ᠎ᠠ ᠪᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠨᠢᠮᠪᠠᠶ ᠤᠬᠠᠭᠤᠯᠤᠨ᠎ᠠ᠃︾ ᠵᠦᠩ ᠱᠠᠨ ᠵᠡᠭᠦᠨ ᠵᠠᠮ ᠤᠨ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠤᠨ ᠣᠷᠴᠢᠨ ᠲᠣᠭᠤᠷᠢᠨ ᠤ ᠪᠠᠶᠢᠩᠭᠤ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ | ᠲᠢᠶᠠᠨ ᠮᠤᠤ ᠸᠠᠩ ᠶᠠᠷᠢᠭᠰᠠᠨ ᠪᠠᠶᠢᠨ᠎ᠠ᠃ | | | |