ᠬᠦᠬᠡᠬᠤᠳᠠ ᠶᠢᠨ ᠴᠠᠭᠠᠨ ᠰᠣᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠤᠨ ᠠᠶᠠᠨᠴᠢᠳ ᠲᠤ ᠦᠢᠯᠡᠴᠢᠯᠡᠬᠦ ᠲᠠᠪᠴᠠᠩ ᠠᠰᠢᠬᠯᠠᠯᠳᠠ ᠳᠤ ᠤᠷᠤᠪᠠ
ᠨᠡᠶᠢᠲᠡᠯᠡᠭᠰᠡᠨ ᠴᠠᠭ᠄
2019-12-09
     ᠦᠪᠦᠷ ᠮᠤᠩᠭᠤᠯ ᠤᠨ ᠡᠳᠦᠷ ᠤᠨ ᠰᠤᠨᠢᠨ ᠤ ᠮᠡᠳᠡᠭᠡ ︵ᠰᠤᠷᠪᠤᠯᠵᠢᠯᠠᠭᠴᠢ ᠬᠠᠢ ᠴᠢᠤᠸᠠᠨ︶ᠬᠦᠬᠡᠬᠤᠳᠠ ᠶᠢᠨ ᠴᠠᠭᠠᠨ  ᠰᠣᠪᠤᠷᠭ᠎ᠠ ᠤᠯᠠᠨ ᠤᠯᠤᠰ ᠤᠨ ᠨᠢᠰᠬᠡᠯ  ᠤᠨ ᠪᠠᠭᠤᠳᠠᠯ  ᠤᠨ ᠠᠶᠠᠨᠴᠢᠳ ᠲᠤ ᠦᠢᠯᠡᠴᠢᠯᠡᠬᠦ ᠲᠠᠪᠴᠠᠩ 12  ᠰᠠᠷ᠎ᠠ ᠶᠢᠨ 6  ᠤ ᠡᠳᠦᠷ ᠠᠰᠢᠭᠯᠠᠯᠳᠠ ᠳᠤ ᠤᠷᠤᠪᠠ᠃      ᠤᠢᠢᠯᠠᠭᠠᠬᠰᠠᠨ ᠢᠶᠠᠷ᠂ ᠬᠦᠬᠡᠬᠤᠳᠠ ᠶᠢᠨ ᠴᠠᠭᠠᠨ  ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ  ᠤᠨ ᠠᠶᠠᠨᠴᠢᠳ ᠲᠤ ᠦᠢᠯᠡᠴᠢᠯᠡᠬᠦ ᠲᠠᠪᠴᠠᠩ ᠨᠢ ᠨᠢᠰᠬᠡᠯ ᠤᠨ ᠪᠠᠭᠤᠳᠠᠯ ᠤᠨ ᠲᠤᠳᠤᠭᠠᠳᠤ ᠮᠡᠳᠡᠭᠡ ᠵᠠᠩᠬᠢ ᠶᠢᠨ ᠰᠢᠰᠲ᠋ᠧᠮ ᠳᠡᠭᠡᠨ ᠲᠦᠰᠢᠭᠯᠡᠨ᠂ ᠨᠢᠰᠬᠡᠯ ᠤᠨ ᠡᠬᠡᠯᠵᠢ  ᠶᠢᠨ ᠮᠡᠳᠡᠭᠡ ᠵᠠᠩᠬᠢ ᠶᠢ ᠬᠠᠶᠢᠬᠤ᠂ ᠨᠢᠰᠬᠡᠯ ᠤᠨ ᠪᠢᠯᠧᠲ ᠬᠤᠳᠠᠯᠳᠤᠨ ᠠᠪᠬᠤ ᠵᠡᠷᠭᠡ  ᠴᠢᠳᠠᠪᠬᠢ ᠳᠠᠭᠠᠨ ᠰᠠᠭᠤᠷᠢᠯᠠᠵᠤ᠂ ᠨᠢᠰᠬᠡᠯ ᠤᠨ ᠪᠠᠭᠤᠳᠠᠯ ᠤᠨ ᠦᠢᠯᠡᠴᠢᠯᠡᠭᠡ ᠪᠠ ᠨᠢᠰᠦᠯᠳᠡ ᠶᠢᠨ ᠦᠢᠯᠡᠴᠢᠯᠡᠭᠡ ᠵᠡᠷᠬᠡ ᠰᠦᠯᠵᠢᠶᠡᠨ ᠲᠡᠬᠡᠷᠡᠬᠢ ᠮᠡᠳᠡᠭᠡ ᠵᠠᠩᠬᠢ ᠶᠢᠨ  ᠭᠤᠭᠴᠤᠭ᠎ᠠ ᠶᠢ ᠬᠤᠭᠤᠷᠤᠨᠳᠤ ᠨᠢ ᠰᠢᠪᠲᠤᠯᠤᠯᠳᠠ ᠲᠠᠢ ᠪᠠᠷ ᠨᠡᠪᠲᠡᠷᠡᠬᠦᠯᠵᠦ᠂ ᠨᠢᠰᠬᠡᠯ ᠤᠨ ᠡᠬᠡᠯᠵᠢ ᠶᠢ ᠪᠠᠳᠤᠯᠠᠬᠤ ᠠᠬᠢᠴᠠ᠂ ᠠᠮᠤᠷ  ᠲᠦᠪᠰᠢᠨ ᠤ ᠪᠠᠶᠢᠴᠠᠭᠠᠯᠳᠠ ᠬᠢᠬᠦ ᠪᠠᠷ ᠬᠦᠯᠢᠶᠡᠵᠦ  ᠪᠠᠶᠢᠭ᠎ᠠ ᠬᠦᠮᠦᠨ ᠤ ᠲᠤᠭ᠎ᠠ᠂  ᠵᠠᠩᠭᠢᠯᠠᠭ᠎ᠠ ᠶᠢᠨ ᠭᠤᠭᠴᠤᠭ᠎ᠠ ᠶᠢ ᠮᠦᠷᠳᠡᠵᠦ ᠨᠡᠶᠢᠲᠡᠯᠡᠬᠦ ᠪᠠᠷ ᠲᠠᠮᠵᠢᠵᠦ᠂ ᠨᠢᠰᠭᠡᠯ ᠰᠠᠭᠠᠳᠠᠬᠤ ᠲᠦᠭᠰᠢᠬᠦᠷᠢ ᠶᠢ ᠪᠠᠭᠠᠰᠬᠠᠨ᠂ ᠠᠶᠠᠯᠠᠬᠤ ᠬᠤᠭᠤᠴᠠᠭ᠎ᠠ ᠶᠢ ᠠᠷᠪᠢᠯᠠᠬᠤ ᠪᠤᠯᠤᠨ᠎ᠠ᠃ ᠤᠶᠤᠨᠳᠤ  ᠦᠢᠯᠡᠴᠢᠯᠡᠭᠡᠨ ᠤ ᠰᠤᠩᠭᠤᠯᠳᠠ ᠨᠢ ᠦᠷᠬᠡᠨ ᠤᠯᠠᠨ ᠠᠶᠠᠨᠴᠢᠳ ᠤᠨ ᠠᠶᠠᠯᠠᠬᠤ  ᠳᠤ ᠨᠡᠩ ᠲᠦᠬᠦᠮ ᠪᠤᠯᠭᠠᠵᠦ᠂ ᠠᠶᠠᠯᠠᠯ ᠢ ᠨᠢ ᠨᠡᠩ ᠲᠠᠭᠠᠯᠠᠮᠵᠢᠳᠠᠢ ᠪᠤᠯᠭᠠᠬᠤ ᠪᠤᠯᠤᠨ᠎ᠠ᠃ ᠨᠢᠰᠬᠡᠯ ᠤᠨ ᠪᠠᠭᠤᠳᠠᠯ ᠤᠨ ᠬᠤᠪᠢ  ᠳᠤ ᠠᠪᠴᠤ ᠬᠡᠯᠡᠪᠡᠯ᠂ ᠠᠶᠠᠨᠴᠢᠳ ᠲᠤ ᠦᠢᠯᠡᠴᠢᠯᠡᠬᠦ ᠲᠠᠪᠴᠠᠩ ᠨᠢ ᠠᠮᠤᠷ ᠲᠦᠪᠰᠢᠨ ᠤ ᠪᠠᠶᠢᠴᠠᠭᠠᠯᠳᠠ ᠶᠢ ᠤᠷᠢᠳᠴᠢᠯᠠᠨ ᠪᠤᠯᠵᠤᠬᠤ᠂ ︽ᠬᠦᠬᠡᠬᠤᠳᠠ  ᠳᠤ ᠨᠢᠰᠬᠡᠯ ᠰᠤᠯᠢᠬᠤ︾ ᠵᠡᠷᠬᠡ ᠤᠨᠴᠠᠯᠢᠬᠳᠤ ᠦᠢᠯᠡᠴᠢᠯᠡᠭᠡ ᠪᠠᠨ‌‍ᠲ᠋ᠦ᠋ᠬᠡᠮᠡᠯᠵᠢᠬᠦᠯᠦᠨ ᠲᠡᠯᠬᠡᠷᠡᠬᠦᠯᠬᠦ ᠵᠢᠴᠢ ᠠᠭᠠᠷ ‍ᠤᠨ‌ᠠᠶᠠᠯᠠᠯ ᠤᠨ ᠦᠷᠳᠡᠭᠡ ᠶᠢᠨ ᠠᠰᠠᠷ ᠤᠨ ᠰᠦᠯᠵᠢᠶᠡᠨ ᠲᠡᠭᠡᠷᠡᠬᠢ ᠪᠠ ᠪᠤᠳᠠᠳᠠᠢ ᠬᠤᠳᠠᠯᠳᠤᠭᠠᠨ ᠤ ᠦᠢᠯᠡᠰ ᠤᠨ  ᠲᠠᠯᠳᠠ  ᠬᠦᠴᠦᠨ ᠢ ᠠᠭᠤᠳᠠᠯᠬᠤ ᠵᠡᠷᠬᠡ ᠲᠠᠯ᠎ᠠ  ᠪᠠᠷ ᠮᠠᠰᠢ ᠶᠡᠭᠡ ᠤᠳᠬ᠎ᠠ ᠠᠭᠤᠯᠭ᠎ᠠ  ᠲᠠᠢ  ᠪᠠᠶᠢᠨ᠎ᠠ᠃ ᠵᠢᠷᠭᠢᠶ᠎ᠡ ᠲᠡᠭᠡᠷ᠎ᠡ ︽ ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ  ᠪᠠᠭᠤᠳᠠᠯ︾  ᠢ ᠲᠤᠪᠴᠢᠳᠠᠵᠦ ᠬᠠᠶᠢᠵᠦ  ᠭᠠᠷᠭᠠᠭᠰᠠᠨ ᠤ ᠲᠠᠷᠠᠭ᠎ᠠ᠂ ᠤᠯᠠᠨ ᠨᠡᠶᠢᠲᠡ ᠶᠢᠨ ᠲᠠᠪᠴᠠᠩ ᠳᠤᠨᠢ ᠤᠷᠤᠵᠤ ᠡᠯ᠎ᠡ ᠲᠦᠷᠦᠯ ᠤᠨ ᠦᠢᠯᠡᠴᠢᠯᠡᠭᠡ ᠶᠢ ᠨᠢ ᠠᠰᠢᠭᠯᠠᠵᠤ ᠪᠤᠯᠤᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号