ᠰᠢᠶᠠᠨ ᠤ ᠠᠷᠠᠳ ᠤᠨ ᠵᠠᠰᠠᠭ ᠤᠨ ᠣᠷᠳᠣᠨ 2019 ᠣᠨ ᠤ ᠠᠩᠬᠠᠳᠤᠭᠠᠷ ᠤᠳᠠᠭ᠎ᠠ ᠶᠢᠨ ᠪᠥᠬᠦᠳᠡ ᠬᠤᠷᠠᠯ ᠵᠢᠴᠢ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-02-11
      2 ᠳ᠋ᠤᠭᠠᠷ ᠰᠠᠷ᠎ᠠ ᠶᠢᠨ 2 ᠤᠨ ᠡᠳᠦᠷ᠂ ᠰᠢᠶᠠᠨ ᠤ ᠠᠷᠠᠳ ᠤᠨ ᠵᠠᠰᠠᠭ ᠤᠨ ᠣᠷᠳᠣᠨ 2019 ᠣᠨ ᠤ ᠠᠩᠬᠠᠳᠤᠭᠠᠷ ᠤᠳᠠᠭ᠎ᠠ ᠶᠢᠨ ᠪᠥᠬᠦᠳᠡ ᠬᠤᠷᠠᠯ ᠵᠢᠴᠢ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠤᠷᠠᠯ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠯᠢ ᠴᠦᠨ ᠶᠠᠨ᠂ ᠲᠢᠶᠠᠨ ᠸᠧᠨ ᠭᠧ᠂ ᠲᠢᠶᠠᠨ ᠯᠢ ᠵᠢᠶᠦ᠋ᠨ᠂ ᠱᠢ ᠯᠢ ᠵᠢᠶᠦ᠋ᠨ᠂ ᠯᠢᠦ ᡁᠢ ᠴᠢᠶᠠᠩ᠂ ᠯᠦ ᠢᠦᠢ ᠵᠦᠩ᠂ ᠾᠧᠦ ᠰᠢᠶᠠᠩ ᠯᠦᠩ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠤᠤ ᠸᠧᠨ ᠸᠧᠢ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠶᠦᠨ ᠬᠠᠶ ᠯᠦᠩ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠳᠤ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠲᠥᠪ ᠬᠤᠷᠢᠶᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠬᠤᠳᠠ ᠶᠢᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠢᠴᠢᠭ ᠢᠶᠠᠷ ᠤᠯᠠᠮᠵᠢᠯᠠᠨ ᠰᠤᠷᠤᠯᠴᠠᠵᠤ᠂ 2019 ᠣᠨ ᠳᠤ ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠳᠡᠰ ᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ᠃ ︽ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠲᠤᠬᠠᠶ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠤᠬᠠᠶ ᠬᠡᠳᠦᠨ ᠰᠠᠨᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠯᠢ ᠵᠢᠢ ᠾᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠴᠠ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠲᠥᠪ ᠤᠨ ᠲᠣᠭᠤᠷᠢᠨ ᠪᠠᠶᠢᠴᠠᠭᠠᠬᠤ ᠤᠳᠤᠷᠢᠳᠬᠤ ᠳᠤᠭᠤᠶᠢᠯᠠᠩ ᠤᠨ ᠣᠷᠴᠢᠮᠬᠠᠨ ᠳᠤ ︽ᠲᠥᠪ ᠬᠤᠷᠢᠶᠠᠨ ᠤ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠵᠢᠨ‌‍ᠲ᠋ᠤᠬᠠᠶ ᠲᠤᠰᠬᠠᠶ ᠲᠣᠭᠤᠷᠢᠨ ᠪᠠᠶᠢᠴᠠᠭᠠᠵᠤ ᠬᠠᠷᠢᠭᠤ ᠲᠤᠰᠬᠠᠬᠰᠠᠨ ᠰᠠᠨᠠᠯ︾ ᠤᠨ ᠮᠡᠳᠡᠭᠳᠡᠯ ᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠲᠥᠪ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ  ᠰᠢᠪᠳᠤᠯᠤᠯᠳᠠ ᠶᠢᠨ ᠲᠠᠶᠢᠨ ᠤ ᠲᠤᠰᠬᠠᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠨᠠᠮ ᠪᠣᠯᠤᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠨᠠᠮ ᠪᠣᠯᠤᠨ ᠤᠯᠤᠰ ᠣᠷᠣᠨ ᠤ ᠠᠵᠢᠯ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠶᠢᠨ ᠦᠨᠳᠤᠷᠴᠡ ᠠᠴᠠ ᠭᠠᠷᠭᠠᠭᠰᠠᠨ ᠴᠢᠬᠤᠯᠠ ᠶᠡᠭᠡ ᠤᠯᠤᠰ ᠲᠦᠷᠦ ᠶᠢᠨ ᠰᠢᠢᠳᠪᠦᠷᠢᠳᠤ ᠪᠤᠳᠤᠯᠭ᠎ᠠ ᠮᠥᠨ᠃ ᠦᠵᠡᠯ ᠰᠠᠨᠠᠭᠠᠨ ᠤ ᠵᠣᠭᠰᠣᠴᠠ ᠪᠠᠨ ᠳᠡᠭᠡᠭᠰᠢᠯᠡᠭᠦᠯᠵᠦ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠲᠦᠷᠭᠡᠨ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠶ ᠭᠡᠵᠤ ᠵᠢᠭᠠᠨ ᠭᠠᠷᠭᠠᠪᠠ᠃      ᠣᠳᠣᠬᠠᠨ ᠤ ᠭᠤᠣᠯᠳᠠᠯᠭ᠎ᠠ ᠲᠠᠢ ᠠᠵᠢᠯ ᠤᠨ ᠲᠤᠬᠠᠢ ᠬᠤᠷᠠᠯ ᠠᠴᠠ ᠲᠤᠯᠤᠭᠠᠨ ᠲᠠᠯ᠎ᠠ ᠪᠠᠷ ᠴᠢᠬᠤᠯᠠᠴᠢᠯᠠᠪᠠ᠃ ᠨᠢᠭᠡ᠂ ᠲᠥᠪ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠲᠠᠶᠢᠨ ᠤ ᠲᠤᠰᠬᠠᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠶᠣᠰᠣᠭᠠᠷ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠳᠡᠢ᠃  ᠬᠤᠶᠠᠷ᠂ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠭᠤᠷᠪᠠ ᠂ ︽ᠯᠠᠯᠤ ᠶᠢᠨ ᠲᠥᠭᠡᠷᠢᠯ︾ ᠡᠷᠦᠶ ᠬᠤᠷᠤᠶ ᠥᠬᠡᠶ ᠦᠵᠡᠭᠳᠡᠯ ᠢ ᠴᠢᠩᠭ᠎ᠠ ᠵᠠᠰᠠᠬᠤ ᠬᠡᠷᠡᠭᠲᠡᠶ᠃ ᠲᠦᠷᠪᠡ ᠂ ︽ᠶᠡᠭᠡ ᠰᠠᠷᠠᠪᠴᠢᠨ ᠭᠡᠷ︾ ᠤᠨ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠲᠠᠪᠤ ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠵᠢᠷᠭᠤᠭ᠎ᠠ᠂ ᠠᠶᠤᠯᠭᠦᠶ ᠦᠢᠯᠡᠳᠪᠦᠷᠢᠯᠡᠯ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠲᠤᠯᠤᠭ᠎ᠠ᠂ ᠪᠠᠶᠠᠷ ᠤᠨ ᠡᠳᠦᠷ ᠤᠨ ᠬᠤᠭᠤᠴᠠᠭᠠᠨ ᠤ ᠤᠯᠠᠨ ᠲᠦᠮᠡᠨ ᠤ ᠠᠮᠢᠳᠤᠷᠠᠯ ᠢ ᠰᠠᠶᠢᠲᠤᠷ ᠲᠤᠬᠢᠷᠠᠭᠤᠯᠬᠤ ᠬᠡᠷᠡᠭᠳᠡᠢ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号