ᠴᠧᠨ ᠯᠢ ᠶᠢᠨ ᠰᠢᠨ᠎ᠡ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠣᠯᠲᠠ ᠶᠢᠨ ᠬᠤᠯᠪᠣᠭᠳᠠᠯ ᠪᠦᠬᠦᠢ ᠠᠵᠢᠯ ᠤᠨ ᠲᠣᠬᠢᠷᠠᠭᠤᠯᠣᠯᠲᠠ ᠶᠢᠨ ᠬᠤᠷᠠᠯ ᠢ ᠡᠷᠬᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2019-02-12
     2 ᠳ᠋ᠤᠭᠠᠷ ᠰᠠᠷ᠎ᠠ ᠶᠢᠨ 3 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ᠂ ᠰᠢᠨ᠎ᠡ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠣᠯᠲᠠ ᠶᠢᠨ ᠲᠦᠷᠥᠯ ᠵᠦᠢᠯ ᠤᠨ ᠭᠠᠵᠠᠷ ᠰᠢᠷᠣᠢ ᠭᠡᠷ ᠪᠠᠶᠢᠰᠢᠩ ᠢ ᠲᠠᠳᠠᠪᠣᠷᠢᠯᠠᠬᠤ ᠳᠤ ᠲᠦᠯᠦᠪᠦᠷᠢ ᠥᠭᠬᠦ ᠪᠠ ᠲᠦᠪᠬᠢᠨᠡᠭᠦᠯᠬᠦ ᠠᠵᠢᠯ ᠤᠨ ᠶᠡᠷᠦᠩᠬᠡᠢ ᠵᠢᠯᠣᠭᠤᠳᠬᠤ ᠬᠡᠯᠲᠡᠰ ᠤᠨ ᠶᠡᠷᠦᠩᠬᠡᠢ ᠵᠢᠯᠣᠭᠤᠳᠣᠭᠴᠢ ᠴᠧᠨ ᠯᠢ ᠶᠢᠨ ᠴᠣᠷᠵᠢ ᠶᠢᠨ ᠪᠠᠶᠢᠰᠢᠩ ᠪᠠᠯᠭᠠᠰᠣᠨ ᠳᠤ ᠰᠢᠨ᠎ᠡ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠣᠯᠲᠠ ᠶᠢᠨ ᠬᠤᠯᠪᠣᠭᠳᠠᠯ ᠪᠦᠬᠦᠢ ᠠᠵᠢᠯ ᠤᠨ ᠲᠣᠬᠢᠷᠠᠭᠤᠯᠣᠯᠲᠠ ᠶᠢᠨ ᠬᠤᠷᠠᠯ ᠢ ᠡᠷᠬᠢᠯᠡᠨ ᠬᠤᠷᠠᠯᠳᠣᠭᠤᠯᠪᠠ᠃      ᠬᠤᠷᠠᠯ ᠠᠴᠠ ᠴᠣᠷᠵᠢ ᠶᠢᠨ ᠪᠠᠶᠢᠰᠢᠩ ᠪᠠᠯᠭᠠᠰᠣ ᠶᠢᠨ ᠬᠠᠷᠢᠭᠤᠴᠠᠯᠭᠠᠲᠠᠨ ᠤ ᠰᠢᠨ᠎ᠡ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠣᠯᠲᠠ ᠶᠢᠨ ᠲᠠᠲᠠᠪᠣᠷᠢᠯᠡᠨ ᠨᠣᠷᠠᠭᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ᠂ ᠰᠢᠨ᠎ᠡ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠣᠯᠲᠠ ᠶᠢᠨ ᠲᠦᠷᠥᠯ ᠵᠦᠢᠯ ᠤᠨ ᠭᠠᠵᠠᠷ ᠰᠢᠷᠣᠢ ᠭᠡᠷ ᠪᠠᠶᠢᠰᠢᠩ ᠢ ᠲᠠᠳᠠᠪᠣᠷᠢᠯᠠᠬᠤ ᠳᠤ ᠲᠦᠯᠦᠪᠦᠷᠢ ᠥᠭᠬᠦ ᠪᠠ ᠲᠦᠪᠬᠢᠨᠡᠭᠦᠯᠬᠦ ᠠᠵᠢᠯ ᠤᠨ ᠶᠡᠷᠦᠩᠬᠡᠢ ᠵᠢᠯᠣᠭᠤᠳᠬᠤ ᠬᠡᠯᠲᠡᠰ ᠤᠨ ᠳᠡᠳ᠋ ᠶᠡᠷᠦᠩᠬᠡᠢ ᠵᠢᠯᠣᠭᠤᠳᠣᠭᠴᠢ ᠵᠠᠩ ᠯᠢᠨ ᠯᠢᠨ ᠰᠢᠨ᠎ᠡ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠣᠯᠲᠠ ᠶᠢᠨ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠳᠤ ᠪᠣᠲᠠᠲᠠᠢ ᠲᠣᠬᠢᠷᠠᠭᠤᠯᠣᠯᠲᠠ ᠬᠢᠵᠦ᠂ ᠢᠳᠬᠠᠨ ᠳᠠᠶᠢᠴᠢᠯᠠᠬᠤ᠂ ᠭᠡᠷ ᠪᠠᠶᠢᠰᠢᠩ ᠲᠠᠲᠠᠪᠣᠷᠢᠯᠠᠨ ᠨᠣᠷᠠᠭᠠᠬᠤ᠂ ᠵᠦᠷᠢᠴᠡᠯ ᠢ ᠰᠢᠢᠳᠪᠦᠷᠢᠯᠡᠬᠦ᠂ ᠵᠠᠬᠢᠳᠠᠯ ᠰᠣᠷᠪᠣᠯᠵᠢᠯᠠᠭ᠎ᠠ ᠵᠢᠴᠢ ᠲᠣᠭᠲᠠᠭᠤᠨ ᠢ ᠬᠠᠮᠠᠭᠠᠯᠠᠬᠤ ᠵᠡᠷᠭᠡ ᠬᠤᠯᠪᠣᠭᠳᠠᠯ ᠪᠦᠬᠦᠢ ᠠᠵᠢᠯ ᠢ ᠤᠯᠠᠮ ᠨᠢᠭᠡ ᠠᠯᠬᠤᠮ ᠢᠯᠡ ᠲᠣᠳᠣᠷᠬᠠᠢ ᠪᠣᠯᠭᠠᠬᠤ ᠶᠢᠨ ᠬᠠᠮᠲᠣ ᠡᠯ᠎ᠡ ᠵᠦᠢᠯ ᠤᠨ ᠠᠵᠢᠯ ᠳᠤ ᠡᠭᠦᠷᠭᠡ ᠶᠢᠨ ᠬᠤᠪᠢᠶᠠᠷᠢᠯᠡᠯ ᠬᠢᠪᠡ᠃      ᠴᠧᠨ ᠯᠢ ᠶᠢᠨ ᠴᠢᠩᠭᠠᠳᠬᠠᠭᠰᠠᠨ ᠨᠢ᠂ ᠰᠢᠨ᠎ᠡ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠣᠯᠲᠠ ᠨᠢ ᠪᠦᠬᠦ ᠣᠷᠣᠨ᠂ ᠪᠦᠬᠦ ᠬᠤᠲᠠ ᠶᠢᠨ ᠴᠢᠬᠤᠯᠠ ᠶᠡᠭᠡ ᠲᠦᠷᠥᠯ ᠵᠦᠢᠯ ᠪᠣᠯᠣᠭᠰᠠᠨ ᠤ ᠬᠤᠪᠢ ᠳᠤ ᠡᠯ᠎ᠡ ᠵᠦᠪᠰᠢᠶᠡᠷᠡᠭᠦᠯᠬᠦ ᠭᠠᠷ ᠭᠦᠢᠴᠡᠳᠭᠡᠯ ᠨᠢ ᠨᠢᠭᠡᠨᠲᠡ ᠳᠡᠭᠡᠳᠦ ᠱᠠᠲᠣᠨ ᠤ ᠬᠤᠯᠪᠣᠭᠳᠠᠯ ᠪᠦᠬᠦᠢ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠵᠦ᠂ ᠲᠣᠷᠰᠢᠯᠲᠡ ᠶᠢᠨ ᠬᠡᠰᠡᠭ ᠤᠨ ᠪᠠᠷᠢᠯᠭ᠎ᠠ ᠶᠢᠨ ᠪᠦᠲᠦᠭᠡᠨ ᠪᠠᠶᠢᠭᠤᠯᠣᠯᠲᠠ ᠶᠢᠨ ᠱᠠᠲᠣᠨ ᠳᠤ ᠣᠷᠣᠬᠤ ᠪᠠᠷ ᠪᠡᠯᠡᠭᠡᠨ ᠪᠣᠯᠵᠤ᠂ ᠡᠯ᠎ᠡ ᠬᠠᠮᠢᠶ᠎ᠠ ᠪᠦᠬᠦᠢ ᠨᠢᠭᠡᠴᠡ ᠵᠠᠪᠠᠯ ᠣᠯᠣᠰ ᠲᠦᠷᠥ ᠶᠢᠨ ᠵᠣᠭᠰᠣᠴᠠ ᠪᠣᠯᠣᠨ ᠠᠵᠢᠯᠯᠠᠭᠠᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠡᠭᠦᠷᠭᠡ ᠶᠢᠨ ᠬᠤᠪᠢᠶᠠᠷᠢᠯᠡᠯ ᠶᠣᠰᠣᠭᠠᠷ ᠲᠣᠭᠲᠠᠭᠰᠠᠨ ᠴᠠᠭ ᠢ ᠠᠩᠬᠠᠷᠴᠣ᠂ ᠭᠡᠷ ᠪᠠᠶᠢᠰᠢᠩ ᠢ ᠲᠠᠲᠠᠪᠣᠷᠢᠯᠠᠬᠤ ᠵᠡᠷᠭᠡ ᠠᠵᠢᠯ ᠤᠨ ᠠᠬᠢᠴᠠ ᠶᠢ ᠲᠦᠷᠭᠡᠳᠬᠡᠬᠦ ᠶᠢᠨ ᠬᠠᠮᠲᠣ ᠤᠯᠠᠨ ᠲᠦᠮᠡᠨ ᠤ ᠬᠦᠮᠦᠵᠢᠯ᠂ ᠠᠵᠢᠯ ᠤᠨ ᠤᠬᠠᠭᠤᠯᠭ᠎ᠠ ᠪᠣᠯᠣᠨ ᠮᠡᠳᠡᠭᠡ ᠵᠠᠩᠭᠢ ᠮᠡᠳᠡᠭᠦᠯᠬᠦ ᠵᠡᠷᠭᠡ ᠠᠵᠢᠯ ᠢ ᠰᠠᠶᠢᠲᠣᠷ ᠬᠢᠬᠦ ᠬᠡᠷᠡᠭᠲᠡᠢ᠃ ᠨᠢᠭᠡᠲᠦᠯᠲᠡᠢ ᠲᠦᠯᠦᠪᠵᠢᠭᠦᠯᠦᠨ ᠲᠣᠬᠢᠷᠠᠭᠤᠯᠵᠣ᠂ ᠨᠠᠷᠢᠨ ᠨᠢᠭᠲᠠ ᠬᠠᠮᠵᠢᠯᠴᠠᠨ᠂ ᠠᠵᠢᠯ ᠤᠨ ᠬᠠᠮᠲᠣ ᠶᠢᠨ ᠬᠦᠴᠦᠨ ᠢ ᠪᠦᠷᠢᠯᠳᠦᠭᠦᠯᠵᠦ᠂ ᠠᠵᠢᠯ ᠤᠨ ᠳᠣᠮᠳᠠᠬᠢ ᠬᠦᠴᠢᠷ ᠠᠰᠠᠭᠤᠳᠠᠯ ᠢ ᠡᠷᠡᠰ ᠰᠢᠢᠳᠪᠦᠷᠢᠯᠡᠵᠦ᠂ ᠦᠢᠯᠡᠴᠢᠯᠡᠭᠡ ᠶᠢ ᠪᠠᠲᠣᠯᠠᠬᠤ ᠪᠠ ᠳᠡᠮᠵᠢᠨ ᠬᠠᠮᠵᠢᠯᠴᠠᠬᠤ ᠠᠵᠢᠯ ᠢ ᠪᠦᠬᠦ ᠬᠦᠴᠦᠨ ᠢᠶᠠᠷ ᠰᠠᠶᠢᠲᠣᠷ ᠬᠢᠵᠦ᠂ ᠰᠢᠨ᠎ᠡ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠣᠯᠲᠠ ᠶᠢᠨ ᠡᠯ᠎ᠡ ᠵᠦᠢᠯ ᠤᠨ ᠠᠵᠢᠯ ᠤᠨ ᠲᠣᠭᠲᠠᠭᠰᠠᠨ ᠬᠤᠭᠤᠴᠠᠭ᠎ᠠ ᠪᠠᠷ ᠶᠠᠪᠣᠭᠳᠠᠬᠤ ᠶᠢ ᠪᠠᠲᠣᠯᠠᠬᠤ ᠬᠡᠷᠡᠭᠲᠡᠢ ᠭᠡᠪᠡ᠃      ᠬᠤᠷᠠᠯ ᠤᠨ ᠳᠠᠷᠠᠭ᠎ᠠ᠂ ᠴᠧᠨ ᠯᠢ ᠶᠢᠨ ᠰᠢᠨ᠎ᠡ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠣᠯᠲᠠ ᠶᠢᠨ ᠵᠢᠯᠣᠭᠤᠳᠬᠤ ᠬᠡᠯᠲᠡᠰ ᠤᠨ ᠡᠯ᠎ᠡ ᠪᠡᠯᠡᠳᠬᠡᠯ ᠰᠣᠩᠭᠤᠯᠲᠠ ᠶᠢᠨ ᠭᠠᠵᠠᠷ ᠢ ᠲᠣᠬᠠᠢ ᠶᠢᠨ ᠭᠠᠵᠠᠷ ᠲᠤ ᠨᠢ ᠪᠠᠶᠢᠴᠠᠭᠠᠨ ᠦᠵᠡᠪᠡ᠃      ᠰᠢᠶᠠᠨ ᠤ ᠳᠡᠳ᠋ ᠳᠠᠷᠤᠭ᠎ᠠ ᠭᠦᠸᠧ ᠸᠧᠨ ᠵᠢᠶᠦ᠋ᠨ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ᠂ ᠤᠬᠠᠭᠤᠯᠬᠤ ᠬᠡᠯᠲᠡᠰ᠂ ᠨᠢᠰᠬᠡᠯ ᠤᠨ ᠪᠠᠭᠤᠳᠠᠯ ᠤᠨ ᠠᠯᠪᠠᠨ ᠭᠡᠷ᠂ ᠳᠣᠲᠣᠭᠠᠳᠣ ᠶᠢ ᠬᠠᠮᠠᠭᠠᠯᠠᠬᠤ ᠲᠣᠪᠴᠢᠶ᠎ᠠ᠂ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠠ᠂ ᠴᠣᠷᠵᠢ ᠶᠢᠨ ᠪᠠᠶᠢᠰᠢᠩ ᠪᠠᠯᠭᠠᠰᠣ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠳ ᠬᠤᠷᠠᠯ ᠳᠤ ᠣᠷᠣᠯᠴᠠᠬᠤ ᠶᠢᠨ ᠬᠠᠮᠲᠣ ᠪᠠᠷ᠎ᠠ ᠪᠣᠯᠣᠨ ᠪᠠᠶᠢᠴᠠᠭᠠᠨ ᠰᠣᠳᠣᠯᠣᠯᠲᠠ ᠬᠢᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号