ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠠᠷᠪᠠᠨ ᠳᠦᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠤᠳᠠᠭᠠᠨ ᠤ ᠪᠥᠭᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-02-12
     ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠠᠷᠪᠠᠨ ᠳᠦᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠤᠳᠠᠭᠠᠨ ᠤ ᠪᠥᠭᠦᠳᠡ ᠬᠤᠷᠠᠯ 1 ᠳ᠋ᠦ᠋ᠭᠡᠷ ᠰᠠᠷ᠎ᠠ ᠶᠢᠨ 31 ᠤ ᠡᠳᠦᠷ ᠶᠠᠪᠤᠭᠳᠠᠪᠠ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠬᠠᠢ ᠬᠤᠷᠠᠯ ᠳᠤ ᠣᠷᠤᠯᠴᠠᠭᠰᠠᠨ ᠪᠥᠭᠡᠳ ᠶᠠᠷᠢᠶ᠎ᠠ ᠲᠠᠯᠪᠢᠪᠠ᠃ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ᠂ ᠰᠢᠶᠠᠨ ᠤ ᠵᠠᠰᠠᠭ ᠤᠨ ᠣᠷᠳᠤᠨ᠂ ᠰᠢᠶᠠᠨ ᠤ ᠤᠯᠤᠰ ᠲᠥᠷᠦ ᠶᠢᠨ ᠵᠦᠪᠯᠡᠯᠭᠡᠨ ᠵᠢᠴᠢ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠤᠳᠤᠷᠢᠳᠤᠯᠭ᠎ᠠ ᠬᠤᠷᠠᠯ ᠳᠤ ᠣᠷᠤᠯᠴᠠᠪᠠ᠃      ᠲᠤᠰ ᠤᠳᠠᠭᠠᠨ ᠤ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ ᠣᠨᠴᠠᠯᠢᠭᠲᠤ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠭᠡᠷ ᠤᠳᠠᠭᠠᠨ ᠤ ᠬᠤᠶᠠᠳᠤᠭᠠᠷ᠂ ᠭᠤᠷᠪᠠᠳᠤᠭᠠᠷ ᠪᠥᠭᠦᠳᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠪᠥᠭᠦᠳᠡ ᠬᠤᠷᠠᠯ᠂ ᠠᠷᠪᠠᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠤᠳᠠᠭᠠᠨ ᠤ ᠪᠥᠭᠦᠳᠡ ᠬᠤᠷᠠᠯ᠂ ᠠᠷᠪᠠᠨ ᠬᠤᠶᠠᠳᠤᠭᠠᠷ ᠬᠤᠭᠤᠴᠠᠭᠠᠨ ᠤ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠪᠥᠭᠦᠳᠡ ᠬᠤᠷᠠᠯ ᠪᠠ ᠠᠷᠪᠠᠨ ᠳᠦᠷᠪᠡᠳᠦᠭᠡᠷ ᠬᠤᠭᠤᠴᠠᠭᠠᠨ ᠤ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠶᠢᠰᠦᠳᠦᠭᠡᠷ᠂ ᠠᠷᠪᠠᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2018 ᠣᠨ ᠤ ᠪᠥᠬᠦ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ  ᠬᠢᠨᠠᠨ ᠪᠠᠶᠢᠴᠠᠭᠠᠬᠤ ᠠᠵᠢᠯ ᠢ ᠡᠷᠭᠢᠴᠡᠭᠦᠯᠦᠨ ᠳ᠋ᠦᠩᠨᠡᠵᠣ᠂ 2019 ᠣᠨ ᠤ ᠠᠵᠢᠯ ᠢ ᠰᠣᠳᠤᠯᠤᠨ ᠪᠠᠶᠢᠷᠢᠯᠠᠭᠤᠯᠪᠠ᠃ ᠶᠠᠨ ᠢ ᠨᠥᠬᠦᠷ ᠠᠴᠠ ᠳᠣᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠠᠷᠪᠠᠨ ᠳᠦᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠦᠭᠡᠯᠡᠵᠤ ᠬᠢᠭᠰᠡᠨ《 ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠣ᠂ ᠵᠣᠷᠢᠭᠲᠠᠢ ᠪᠠᠷ ᠰᠢᠨ᠎ᠡ ᠶᠢ ᠡᠭᠦᠳᠴᠤ᠂ ᠰᠢᠨ᠎ᠡ ᠴᠠᠭ ᠦᠶ᠎ᠡ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷᠯᠢᠭ ᠬᠥᠭᠵᠢᠯᠲᠡ ᠶᠢ ᠴᠢᠷᠮᠠᠶᠢᠨ ᠪᠡᠶᠡᠯᠡᠭᠦᠯᠦᠨ᠎ᠡ》ᠭᠡᠬᠦ ᠠᠵᠢᠯ ᠤᠨ ᠬᠠᠷᠢᠭᠤ ᠮᠡᠳᠡᠭᠦᠯᠦᠯᠲᠡ ᠶᠢ ᠬᠢᠨᠠᠨ ᠵᠦᠪᠯᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ 2018 ᠣᠨ ᠳᠤ᠂ ᠪᠥᠬᠦ ᠰᠢᠶᠠᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠢ ᠳᠡᠭᠡᠳᠦ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ ᠵᠦᠪᠯᠡᠯ ᠪᠠ ᠰᠢᠶᠠᠨ ᠤ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠰᠢᠶᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠦᠪᠯᠡᠯᠭᠡᠨ ᠤ ᠬᠢᠨᠠᠯᠲᠠ ᠪᠠ ᠳᠡᠮᠵᠢᠯᠭᠡ ᠳᠣᠣᠷ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠤᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠰᠤᠷᠤᠯᠴᠠᠨ ᠲᠣᠭᠤᠰᠢᠯᠠᠭᠤᠯᠵᠤ᠂ ᠪᠥᠬᠦ ᠰᠢᠶᠠᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠪᠠ ᠥᠷᠭᠡᠨ ᠣᠯᠠᠨ ᠠᠷᠠᠳ ᠲᠥᠮᠡᠨ ᠤ ᠬᠠᠮᠲᠤ ᠶᠢᠨ ᠴᠢᠷᠮᠠᠶᠢᠯᠭ᠎ᠠ ᠳᠣᠣᠷ᠎ᠠ᠂  ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠰᠢᠨ᠎ᠡ ᠠᠮᠵᠢᠯᠲᠠ ᠶᠢ ᠣᠯᠵᠤ᠂ ᠦᠨᠳᠦᠰᠦᠨ ᠱᠠᠲᠤᠨ ᠤ ᠬᠥᠭᠵᠢᠯᠲᠡ ᠶᠢᠨ ᠣᠷᠴᠢᠨ ᠪᠠᠶᠢᠳᠠᠯ ᠢᠯᠡᠳᠲᠡ ᠰᠠᠶᠢᠵᠢᠷᠠᠵᠤ᠂ ᠦᠨᠡᠨᠴᠢ ᠰᠢᠳᠤᠷᠭᠤ ᠴᠡᠪᠡᠷ ᠴᠢᠭᠡᠴᠢ ᠡᠭᠦᠷᠭᠡ ᠡᠭᠦᠷᠭᠡᠯᠡᠬᠦ ᠲᠤᠰᠢᠶᠠᠯ ᠭᠦᠢᠴᠡᠳᠭᠡᠬᠦ ᠠᠭᠤᠷ ᠠᠮᠢᠰᠬᠤᠯ ᠡᠳᠦᠷ ᠢᠷᠡᠬᠦᠶ᠎ᠡ ᠭᠦᠨᠵᠡᠭᠡᠶᠢᠷᠡᠪᠡ︔ ᠰᠤᠷᠲᠠᠯ ᠤᠨ ᠪᠠᠶᠢᠭᠤᠯᠤᠯᠲᠠ ᠪᠥᠬᠦ ᠲᠠᠯ᠎ᠠ ᠪᠠᠷ ᠴᠢᠩᠭᠠᠷᠠᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠳᠡᠶᠢᠯᠦᠩᠭᠦᠢ ᠪᠠᠶᠢᠳᠠᠯ ᠲᠠᠢ ᠪᠠᠬᠢᠵᠢᠨ ᠬᠥᠭᠵᠢᠪᠡ︔ ᠨᠠᠮ ᠠᠷᠠᠳ ᠨᠡᠩ ᠢᠯᠡᠭᠦᠤ ᠨᠢᠭᠲᠠᠷᠠᠨ ᠪᠥᠯᠬᠦᠳᠡᠵᠣ᠂《 ᠳᠦᠷᠪᠡᠨ ᠢᠲᠡᠬᠡᠯ》 ᠨᠡᠩ ᠡᠷᠡᠰ ᠪᠠᠲᠤ ᠪᠣᠯᠪᠠ︔《 ᠵᠣᠯ ᠵᠢᠷᠭᠠᠯᠲᠤ ᠦᠴᠦᠸᠠᠨ᠂ ᠠᠮᠢ ᠠᠬᠤᠢ ᠶᠢᠨ ᠦᠴᠦᠸᠠᠨ᠂ ᠦᠰᠡᠰᠬᠦᠯᠡᠩᠲᠦ ᠰᠠᠶᠢᠬᠠᠨ ᠦᠴᠦᠸᠠᠨ》 ᠤ ᠤᠯᠤᠰ ᠲᠥᠷᠦ ᠶᠢᠨ ᠰᠠᠭᠤᠷᠢ ᠡᠨᠡᠭ ᠪᠠᠲᠤᠵᠢᠵᠤ᠂ ᠰᠢᠨ᠎ᠡ ᠳᠦᠷᠢ ᠳᠦᠷᠬᠦ ᠲᠠᠢ ᠪᠣᠯᠪᠠ᠃ ᠦᠷ᠎ᠡ ᠪᠥᠲᠦᠮᠵᠢ ᠪᠠᠨ ᠭᠦᠢᠴᠡᠳ ᠨᠣᠲᠠᠯᠠᠬᠤ ᠶᠢᠨ ᠬᠠᠮᠲᠤ᠂ ᠣᠳᠣᠬᠠᠨ ᠤ ᠢᠯᠵᠠᠷᠠᠯ ᠢ ᠡᠰᠡᠷᠭᠦᠴᠡᠬᠦ ᠲᠡᠮᠡᠴᠡᠯ ᠮᠦᠨ ᠯᠡ ᠬᠦᠨᠳᠦ ᠬᠡᠴᠡᠭᠦᠦ ᠨᠠᠷᠢᠨ ᠪᠣᠳᠤᠯᠢᠶᠠᠨᠲᠠᠢ ᠪᠠᠶᠢᠵᠤ᠂ ᠨᠠᠮ ᠢ ᠪᠥᠬᠦ ᠲᠠᠯ᠎ᠠ ᠪᠠᠷ ᠵᠠᠰᠠᠬᠤ ᠡᠭᠦᠷᠭᠡ ᠮᠦᠨ ᠬᠦᠨᠳᠦ ᠬᠡᠴᠡᠭᠦᠣ ᠪᠠᠶᠢᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠣᠮᠳᠤᠭᠠᠶᠢᠯᠠᠵᠤ ᠪᠣᠯᠤᠰᠢ ᠦᠭᠡᠢ ᠠᠰᠠᠭᠤᠳᠠᠯ ᠪᠠ ᠲᠤᠲᠠᠭᠳᠠᠯ ᠣᠷᠤᠰᠢᠵᠤ ᠪᠣᠢ᠂ ᠡᠷᠬᠡᠪᠰᠢ ᠶᠡᠬᠡᠪᠡᠷ ᠬᠦᠨᠳᠦᠳᠬᠡᠨ ᠦᠵᠡᠵᠤ᠂ ᠦᠨᠡᠨᠬᠦ ᠴᠡᠭᠴᠡᠯᠡᠨ ᠵᠠᠰᠠᠬᠤ ᠬᠡᠷᠡᠭᠲᠡᠢ᠃ ᠨᠢᠭᠡ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠᠨ ᠵᠡᠪᠰᠡᠭᠯᠡᠵᠦ᠂ ᠰᠤᠷᠤᠯᠴᠠᠬᠤ ᠰᠡᠳᠬᠢᠬᠦ ᠦᠢᠯᠡᠳᠦᠯᠭᠡᠵᠢᠭᠦᠯᠬᠦ ᠤᠬᠠᠮᠰᠠᠷᠠᠬᠤ ᠨᠠᠷᠢᠨ ᠨᠢᠮᠪᠠᠢ ᠦᠨᠡᠨ ᠪᠤᠳᠠᠲᠠᠢ ᠬᠢᠬᠦ ᠳᠡᠭᠡᠷ᠎ᠡ ᠮᠡᠳᠡᠬᠦᠢ ᠬᠢᠬᠦᠢ ᠶᠢ ᠨᠢᠭᠡᠳᠦᠭᠦᠯᠵᠦ᠂ ᠡᠴᠦᠰ ᠲᠤ ᠨᠢ ᠲᠤᠯᠲᠠᠯ᠎ᠠ ᠠᠳᠬᠤᠬᠤ ᠬᠡᠷᠡᠭᠲᠡᠢ︔ ᠬᠤᠶᠠᠷ ᠲᠤ᠂ ᠨᠠᠮ ᠤᠨ ᠤᠯᠤᠰ ᠲᠥᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂《 ᠬᠤᠶᠠᠷ ᠢ ᠬᠠᠮᠠᠭᠠᠯᠠᠬᠤ》ᠲᠡᠷᠢᠭᠦᠨ ᠤᠯᠤᠰ ᠲᠥᠷᠦ ᠶᠢᠨ ᠡᠭᠦᠷᠭᠡ  ᠶᠢ ᠦᠢᠯᠡᠳᠦᠯᠭᠡᠵᠢᠭᠦᠯᠬᠦ ᠳᠡᠭᠡᠷ᠎ᠡ ᠮᠡᠳᠡᠬᠦᠢ ᠬᠢᠬᠦᠢ ᠶᠢ ᠨᠢᠭᠡᠳᠦᠭᠦᠯᠵᠦ᠂ ᠡᠴᠦᠰ ᠲᠤ ᠨᠢ ᠲᠤᠯᠲᠠᠯ᠎ᠠ ᠠᠳᠬᠤᠬᠤ ᠬᠡᠷᠡᠭᠲᠡᠢ︔ ᠭᠤᠷᠪᠠ ᠳᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠢᠨᠠᠨ ᠪᠠᠶᠢᠴᠠᠭᠠᠯᠲᠠ ᠪᠠᠨ ᠴᠢᠩᠭᠠᠳᠬᠠᠵᠤ᠂ ᠳᠦᠷᠢᠮ ᠤᠨ ᠳᠠᠪᠠᠭᠤᠯᠢᠭ ᠢ ᠵᠠᠰᠠᠯᠲᠠ ᠶᠢᠨ ᠦᠷ᠎ᠡ ᠪᠥᠲᠦᠮᠵᠢ ᠪᠤᠯᠠᠭᠠᠨ ᠬᠤᠪᠢᠷᠠᠭᠤᠯᠬᠤ ᠶᠢ ᠭᠦᠨᠵᠡᠭᠡᠶᠢᠷᠡᠭᠦᠯᠬᠦ ᠳᠡᠭᠡᠷ᠎ᠡ ᠮᠡᠳᠡᠬᠦᠢ ᠬᠢᠬᠦᠢ ᠶᠢ ᠨᠢᠭᠡᠳᠦᠭᠦᠯᠵᠦ᠂ ᠡᠴᠦᠰ ᠲᠤ ᠨᠢ ᠲᠤᠯᠲᠠᠯ᠎ᠠ ᠠᠳᠬᠤᠬᠤ ᠬᠡᠷᠡᠭᠲᠡᠢ︔ ᠳᠥᠷᠪᠡ ᠳᠤ᠂ ᠬᠢᠨᠠᠯᠲᠠ ᠲᠠᠯᠪᠢᠬᠤ ᠨᠢᠭᠡᠳᠦᠭᠡᠷ ᠬᠠᠷᠢᠭᠤᠴᠠᠯᠭ᠎ᠠ ᠪᠠᠨ ᠢᠳᠡᠪᠬᠢᠲᠠᠢ ᠭᠦᠢᠴᠡᠳᠬᠡᠵᠦ᠂《 ᠳᠦᠷᠪᠡᠨ  ᠰᠤᠷᠲᠠᠯ》 ᠢ ᠴᠢᠩᠭᠠᠳᠬᠠᠵᠣ᠂ ᠰᠤᠷᠲᠠᠯ ᠤᠨ ᠪᠥᠲᠦᠭᠡᠨ ᠪᠠᠶᠢᠭᠤᠯᠤᠯᠲᠠ ᠶᠢ ᠠᠬᠢᠭᠤᠯᠬᠤ  ᠳᠡᠭᠡᠷ᠎ᠡ ᠮᠡᠳᠡᠬᠦᠢ ᠬᠢᠬᠦᠢ ᠶᠢ ᠨᠢᠭᠡᠳᠦᠭᠦᠯᠵᠦ᠂ ᠡᠴᠦᠰ ᠲᠤ ᠨᠢ ᠲᠤᠯᠲᠠᠯ᠎ᠠ ᠠᠳᠬᠤᠬᠤ ᠬᠡᠷᠡᠭᠲᠡᠢ︔ ᠲᠠᠪᠤ ᠳᠤ᠂ ᠤᠯᠤᠰ ᠲᠥᠷᠦ ᠶᠢᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠣ᠂ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠬᠢᠨᠠᠯᠲᠠ ᠲᠠᠯᠪᠢᠬᠤ ᠶᠢ ᠪᠥᠬᠦᠨ ᠢ ᠪᠦᠷᠬᠦᠭᠦᠯᠬᠦ ᠶᠢ ᠪᠡᠶᠡᠯᠡᠭᠦᠯᠬᠦ ᠳᠡᠭᠡᠷ᠎ᠡ ᠮᠡᠳᠡᠬᠦᠢ ᠬᠢᠬᠦᠢ ᠶᠢ ᠨᠢᠭᠡᠳᠦᠭᠦᠯᠵᠦ᠂ ᠡᠴᠦᠰ ᠲᠤ ᠨᠢ ᠲᠤᠯᠲᠠᠯ᠎ᠠ ᠠᠳᠬᠤᠬᠤ ᠬᠡᠷᠡᠭᠲᠡᠢ︔ ᠵᠢᠷᠭᠤᠭ᠎ᠠ ᠳᠤ᠂《 ᠤᠭᠰᠠᠷᠠᠭ᠎ᠠ ᠴᠣᠬᠢᠯᠲᠠ》 ᠶᠢ ᠰᠠᠶᠢᠨ ᠬᠢᠵᠤ᠂《 ᠦᠷᠬᠦᠯᠵᠢᠯᠡᠭᠰᠡᠨ ᠨᠢᠳᠤᠷᠭ᠎ᠠ》 ᠶᠢ ᠭᠠᠷᠭᠠᠵᠣ᠂ ᠣᠯᠠᠨ ᠲᠦᠮᠡᠨ ᠤ ᠳᠡᠷᠭᠡᠳᠡᠬᠢ ᠳᠣᠪᠤᠶᠢᠮ᠎ᠠ ᠠᠰᠠᠭᠤᠳᠠᠯ ᠢ ᠬᠦᠴᠦᠯᠡᠨ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠤᠯᠤᠰ ᠲᠥᠷᠦ ᠶᠢᠨ ᠬᠥᠭᠵᠢᠯᠲᠡ ᠶᠢᠨ ᠣᠷᠴᠢᠨ ᠪᠠᠶᠢᠳᠠᠯ ᠢ ᠦᠷᠬᠦᠯᠵᠢᠯᠡᠨ ᠴᠡᠪᠡᠷᠰᠢᠭᠦᠯᠬᠦ ᠳᠡᠭᠡᠷ᠎ᠡ ᠮᠡᠳᠡᠬᠦᠢ ᠬᠢᠬᠦᠢ ᠶᠢ ᠨᠢᠭᠡᠳᠦᠭᠦᠯᠵᠦ᠂ ᠡᠴᠦᠰ ᠲᠤ ᠨᠢ ᠲᠤᠯᠲᠠᠯ᠎ᠠ ᠠᠳᠬᠤᠬᠤ ᠬᠡᠷᠡᠭᠲᠡᠢ︔ ᠳᠣᠯᠤᠭ᠎ᠠ ᠳᠤ᠂ ᠬᠠᠮᠤᠭ ᠢ ᠢᠯᠠᠭᠴᠢ ᠴᠡᠷᠢᠭ ᠤᠨ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠲᠤᠰᠢᠶᠠᠯ ᠭᠦᠢᠴᠡᠳᠭᠡᠬᠦ ᠴᠢᠳᠠᠪᠤᠷᠢ ᠪᠠᠨ ᠴᠢᠩᠭᠠᠳᠬᠠᠵᠣ᠂ ᠰᠠᠬᠢᠯᠭ᠎ᠠ ᠪᠠᠲᠤ ᠬᠢᠨᠠᠨ ᠪᠠᠶᠢᠴᠠᠭᠠᠬᠤ ᠶᠢᠨ ᠴᠢᠨᠠᠷᠯᠢᠭ ᠬᠥᠭᠵᠢᠯᠲᠡ ᠶᠢ ᠠᠬᠢᠭᠤᠯᠬᠤ ᠳᠡᠭᠡᠷ᠎ᠡ ᠮᠡᠳᠡᠬᠦᠢ ᠬᠢᠬᠦᠢ ᠶᠢ ᠨᠢᠭᠡᠳᠦᠭᠦᠯᠵᠦ᠂ ᠡᠴᠦᠰ ᠲᠤ ᠨᠢ ᠲᠤᠯᠲᠠᠯ᠎ᠠ ᠠᠳᠬᠤᠬᠤ ᠬᠡᠷᠡᠭᠲᠡᠢ ᠭᠡᠪᠡ᠃      ᠬᠤᠷᠠᠯ ᠠᠴᠠ ᠥᠷᠭᠡᠨ ᠣᠯᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ ᠣᠨᠴᠠᠯᠢᠭᠲᠤ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠤᠭ ᠰᠠᠨᠠᠭ᠎ᠠ ᠪᠠᠨ ᠥᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠰᠢᠶᠠᠨ ᠤ ᠨᠠᠮ ᠤᠨ ᠬᠤᠷᠢᠶ᠎ᠠ ᠶᠢᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠠᠬᠢᠭᠤᠯᠬᠤ ᠤᠯᠤᠰ ᠲᠥᠷᠦ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠪᠤᠴᠠᠯᠲᠠ ᠦᠭᠡᠢ ᠤᠷᠤᠭᠰᠢᠯᠠᠵᠤ᠂ ᠡᠴᠦᠰ ᠲᠤ ᠨᠢ ᠲᠤᠯᠲᠠᠯ᠎ᠠ ᠠᠳᠬᠤᠵᠤ᠂ ᠨᠠᠮ ᠤᠨ ᠰᠤᠷᠲᠠᠯ ᠪᠠ ᠴᠢᠭᠡᠴᠢ ᠵᠠᠰᠠᠭ ᠤᠨ ᠪᠠᠶᠢᠭᠤᠯᠤᠯᠲᠠ ᠵᠢᠴᠢ ᠢᠯᠵᠠᠷᠠᠯ ᠢ ᠡᠰᠡᠷᠭᠦᠴᠡᠬᠦ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠪᠣᠢ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠪᠠᠶᠢᠯᠳᠤᠬᠤ ᠪᠣᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂《 ᠵᠣᠯ ᠵᠢᠷᠭᠠᠯᠲᠤ ᠦᠴᠦᠸᠠᠨ᠂ ᠠᠮᠢ ᠠᠬᠤᠢ ᠶᠢᠨ ᠦᠴᠦᠸᠠᠨ᠂ ᠦᠵᠡᠰᠬᠦᠯᠡᠩᠲᠤ ᠰᠠᠶᠢᠬᠠᠨ ᠦᠴᠦᠸᠠᠨ》 ᠢ ᠪᠠᠶᠢᠭᠤᠯᠬᠤ ᠳᠤ ᠰᠢᠨ᠎ᠡ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠤᠷᠢᠶᠠᠯᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号