ᠬᠦᠬᠡᠬᠤᠲᠠ ᠵᠠᠰᠠᠭ ᠠᠯᠪᠠᠨ ᠲᠠᠷᠬᠠᠭᠠᠭᠰᠠᠨ ﹇2018﹈ 79 ᠳ᠋ᠦ᠋ᠭᠡᠷ ᠲᠤᠭᠠᠲᠤ | 2018 ᠣᠨ ᠤ 9 ᠳ᠋ᠦ᠋ᠭᠡᠷ ᠰᠠᠷ᠎ᠠ ᠶᠢᠨ 29 ᠤ ᠡᠳᠦᠷ | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠣ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠣᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ | ᠲᠣᠪᠴᠢᠶ᠎ᠠ᠂ ᠡᠯ᠎ᠡ ᠠᠵᠣ ᠠᠬᠤᠶᠢᠯᠠᠯ᠂ ᠠᠵᠢᠯ ᠦᠢᠯᠡᠰ ᠤᠨ ᠨᠢᠭᠡᠴᠡ᠄ | ︽ᠬᠦᠬᠡᠬᠤᠲᠠ ᠶᠢᠨ ᠰᠣᠷᠣᠭᠴᠢᠳ ᠲᠤ ᠵᠣᠷᠢᠭᠤᠯᠣᠭᠰᠠᠨ ᠠᠮᠠᠷᠠᠵᠣ ᠬᠤᠭᠤᠯᠠᠯᠠᠬᠤ ᠭᠠᠵᠠᠷ ᠤᠨ | ᠬᠠᠮᠢᠶᠠᠷᠣᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ ︾ ᠶᠢ ᠬᠤᠲᠠ ᠶᠢᠨ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠣᠮᠠᠯᠯᠠᠨ ᠶᠠᠪᠣᠭᠤᠯᠣᠯ᠎ᠠ᠂ ᠨᠠᠷᠢᠨ ᠬᠢᠨᠠᠮᠠᠭᠠᠢ | ᠨᠠᠶᠢᠳᠠᠪᠣᠷᠢᠵᠢᠭᠤᠯᠣᠨ ᠬᠡᠷᠡᠭᠵᠢᠭᠦᠯᠲᠦᠭᠡᠢ᠃ | | ᠬᠦᠬᠡᠬᠤᠲᠠ ᠶᠢᠨ ᠰᠣᠷᠣᠭᠴᠢᠳ ᠲᠤ ᠵᠣᠷᠢᠭᠤᠯᠣᠭᠰᠠᠨ ᠠᠮᠠᠷᠠᠵᠣ ᠬᠤᠭᠤᠯᠠᠯᠠᠬᠤ | ᠭᠠᠵᠠᠷ ᠤᠨ ᠬᠠᠮᠢᠶᠠᠷᠣᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ | | ᠨᠢᠭᠡᠳᠦᠭᠡᠷ ᠪᠦᠯᠦᠭ ᠶᠡᠷᠦᠩᠬᠡᠢ ᠳᠦᠷᠢᠮ | | ᠨᠢᠭᠡᠳᠦᠭᠡᠷ ᠵᠦᠢᠯ ᠰᠣᠷᠣᠭᠴᠢᠳ ᠲᠤ ᠵᠣᠷᠢᠭᠤᠯᠣᠭᠰᠠᠨ ᠠᠮᠠᠷᠠᠵᠣ ᠬᠤᠭᠤᠯᠠᠯᠠᠬᠤ ᠭᠠᠵᠠᠷ | ᠤᠨ ᠬᠠᠮᠢᠶᠠᠷᠣᠯᠲᠠ ᠶᠢ ᠴᠢᠩᠭᠠᠳᠬᠠᠵᠣ᠂ ᠡᠵᠡᠩᠨᠡᠯᠲᠡ ᠶᠢᠨ ᠠᠵᠢᠯᠯᠠᠭ᠎ᠠ ᠶᠢ ᠳᠦᠷᠢᠮᠵᠢᠭᠦᠯᠵᠦ᠂ ᠰᠣᠷᠣᠭᠴᠢᠳ ᠤᠨ | ᠬᠤᠭᠤᠯᠠ ᠤᠮᠳᠠ ᠶᠢᠨ ᠠᠮᠣᠷ ᠲᠦᠪᠰᠢᠨ ᠢ ᠪᠠᠲᠣᠯᠠᠬᠤ ᠶᠢᠨ ᠲᠣᠰᠠᠳᠠ᠂ ︽ᠪᠦᠭᠦᠳᠡ ᠨᠠᠶᠢᠷᠠᠮᠳᠠᠬᠤ ᠳᠣᠮᠳᠠᠳᠣ | ᠠᠷᠠᠳ ᠣᠯᠣᠰ ᠤᠨ ᠢᠳᠡᠭᠡᠨ ᠤ ᠠᠮᠣᠷ ᠲᠥᠪᠰᠢᠨ ᠤ ᠬᠠᠣᠯᠢ︾᠂ ︽ᠪᠦᠭᠦᠳᠡ ᠨᠠᠶᠢᠷᠠᠮᠳᠠᠬᠤ ᠳᠣᠮᠳᠠᠳᠣ ᠠᠷᠠᠳ | ᠣᠯᠣᠰ ᠤᠨ ᠬᠠᠯᠳᠠᠪᠣᠷᠢᠲᠣ ᠡᠪᠡᠳᠴᠢᠨ ᠢ ᠰᠡᠷᠭᠡᠶᠢᠯᠡᠨ ᠵᠠᠰᠠᠬᠤ ᠬᠠᠣᠯᠢ︾᠂ ︽ᠪᠦᠭᠦᠳᠡ ᠨᠠᠶᠢᠷᠠᠮᠳᠠᠬᠤ ᠳᠣᠮᠳᠠᠳᠣ | ᠠᠷᠠᠳ ᠣᠯᠣᠰ ᠤᠨ ᠭᠠᠯ ᠰᠡᠷᠭᠡᠶᠢᠯᠡᠯᠲᠡ ᠶᠢᠨ ᠬᠠᠣᠯᠢ︾᠂ ︽ᠪᠦᠭᠦᠳᠡ ᠨᠠᠶᠢᠷᠠᠮᠳᠠᠬᠤ ᠳᠣᠮᠳᠠᠳᠣ ᠠᠷᠠᠳ | ᠣᠯᠣᠰ ᠤᠨ ᠣᠷᠴᠢᠨ ᠲᠣᠭᠤᠷᠢᠨ ᠤ ᠱᠤᠤᠭᠢᠶ᠎ᠠ ᠳᠠᠭᠤ ᠶᠢᠨ ᠪᠣᠬᠢᠷᠳᠣᠯ ᠢ ᠰᠡᠷᠭᠡᠶᠢᠯᠡᠨ ᠵᠠᠰᠠᠬᠤ ᠬᠠᠣᠯᠢ︾᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠢ ᠡᠳ᠋ᠰᠢᠭᠦᠯᠬᠦ ᠵᠢᠵᠢᠭ ᠦᠢᠯᠡᠳᠬᠡᠯ ᠪᠣᠯᠣᠨ | ᠢᠳᠡᠭᠡᠨ ᠤ ᠶᠠᠪᠣᠭᠤᠯ ᠬᠤᠳᠠᠯᠳᠣᠭᠠᠴᠢᠳ ᠤᠨ ᠬᠠᠮᠢᠶᠠᠷᠣᠯᠲᠠ ᠶᠢᠨ ᠳᠦᠷᠢᠮ︾ ᠵᠡᠷᠭᠡ ᠬᠠᠣᠯᠢ ᠴᠠᠭᠠᠵᠠ ᠳᠦᠷᠢᠮ | ᠲᠣᠭᠲᠠᠭᠠᠯ ᠢ ᠦᠨᠳᠦᠰᠦᠯᠡᠵᠦ᠂ ᠲᠣᠰ ᠬᠤᠲᠠ ᠶᠢᠨ ᠪᠣᠲᠠᠲᠠᠢ ᠲᠠᠢ ᠣᠶᠠᠯᠳᠣᠭᠤᠯᠵᠣ᠂ ᠲᠣᠰ ᠠᠷᠭ᠎ᠠ ᠶᠢ | ᠲᠣᠭᠲᠠᠭᠠᠪᠠ᠃ | ᠬᠤᠶᠠᠳᠣᠭᠠᠷ ᠵᠦᠢᠯ ᠲᠣᠰ ᠠᠷᠭ᠎ᠠ ᠨᠢ ᠲᠣᠰ ᠬᠤᠲᠠᠨ ᠳᠠᠬᠢ ᠰᠣᠷᠣᠭᠴᠢᠳ ᠲᠤ ᠵᠣᠷᠢᠭᠤᠯᠣᠭᠰᠠᠨ | ᠠᠮᠠᠷᠠᠵᠣ ᠬᠤᠭᠤᠯᠠᠯᠠᠬᠤ ᠭᠠᠵᠠᠷ ᠡᠵᠡᠩᠨᠡᠵᠦ ᠪᠠᠶᠢᠭ᠎ᠠ ᠡᠵᠡᠩᠨᠡᠭᠴᠢᠳ ᠲᠤ ᠪᠦᠷ ᠲᠣᠬᠢᠷᠠᠨ᠎ᠠ᠃ | ᠭᠤᠷᠪᠠᠳᠣᠭᠠᠷ ᠵᠦᠢᠯ ᠰᠣᠷᠣᠭᠴᠢᠳ ᠲᠤ ᠵᠣᠷᠢᠭᠤᠯᠣᠭᠰᠠᠨ ᠠᠮᠠᠷᠠᠵᠣ ᠬᠤᠭᠤᠯᠠᠯᠠᠬᠤ ᠭᠠᠵᠠᠷ ᠭᠡᠳᠡᠭ ᠪᠣᠯ | ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠰᠤᠷᠭᠠᠭᠤᠯᠢ ᠶᠢᠨ ᠭᠠᠳᠠᠨ᠎ᠠ | ᠪᠠᠶᠢᠭᠤᠯᠤᠭᠰᠠᠨ᠂ ᠠᠰᠢᠭ ᠬᠤᠨᠵᠢᠪᠣᠷᠢ ᠤᠯᠬᠤ ᠪᠠᠷ ᠵᠣᠷᠢᠯᠭ᠎ᠠ ᠪᠣᠯᠭᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠲᠤ ᠬᠤᠭᠤᠯᠠ ᠢᠳᠡᠬᠦ᠂ ᠠᠮᠠᠷᠠᠬᠤ ᠪᠠ ᠰᠤᠷᠤᠯᠴᠠᠯᠭ᠎ᠠ ᠳᠤᠨᠢ ᠲᠤᠰᠠᠯᠠᠬᠤ ᠵᠡᠷᠭᠡ ᠦᠢᠯᠡᠴᠢᠯᠡᠭᠡ | ᠬᠠᠩᠭᠠᠬᠤ ᠬᠠᠷᠢᠴᠠᠩᠭᠤᠶ ᠲᠣᠭᠲᠠᠮᠠᠯ ᠭᠠᠵᠠᠷ ᠢ ᠵᠢᠭᠠᠵᠤ ᠪᠠᠶᠢᠨ᠎ᠠ᠃ | ᠳᠥᠷᠪᠡᠳᠦᠭᠡᠷ ᠵᠦᠢᠯ ᠰᠣᠷᠣᠭᠴᠢᠳ ᠲᠤ ᠵᠣᠷᠢᠭᠤᠯᠣᠭᠰᠠᠨ ᠠᠮᠠᠷᠠᠵᠣ ᠬᠤᠭᠤᠯᠠᠯᠠᠬᠤ ᠭᠠᠵᠠᠷ ᠤᠨ ᠬᠢᠨᠠᠯᠲᠠ | ᠬᠠᠮᠢᠶᠠᠷᠣᠯᠲᠠ ᠳᠤ ︽ᠬᠡᠨ ᠡᠷᠬᠢᠯᠡᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠢ ᠪᠠᠷᠢᠮᠲᠠᠯᠠᠨ᠎ᠠ᠃ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠰ ᠲᠤᠰ ᠤᠨ ᠢᠶᠠᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ᠶᠣᠰᠣᠭᠠᠷ ᠬᠠᠷᠢᠭᠤᠴᠠᠵᠤ᠂ ᠬᠠᠷᠢᠯᠴᠠᠨ ᠬᠠᠮᠵᠢᠯᠴᠠᠵᠤ᠂ ᠨᠢᠭᠡ ᠰᠠᠯᠠᠭ᠎ᠠ ᠮᠥᠴᠢᠷ ᠠᠴᠠ ᠲᠦᠷᠦᠭᠦᠯᠡᠵᠦ᠂ ᠡᠯ᠎ᠡ | ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠲᠣᠷᠠᠭᠰᠠᠨ ᠡᠳᠦᠷ ᠳᠤᠲᠤᠮ ᠤᠨ ᠬᠢᠨᠠᠯᠲᠠ ᠬᠠᠮᠢᠶᠠᠷᠤᠯᠲᠠ ᠶᠢᠨ ᠤᠷᠳᠤ | ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠣᠯᠲᠠ ᠶᠢᠨ ᠲᠣᠭᠲᠠᠴᠠ ᠶᠢ ᠪᠠᠶᠢᠭᠤᠯᠣᠨ᠎ᠠ᠃ | ︵ᠨᠢᠭᠡ︶ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ | ᠲᠦᠷᠦᠭᠦᠯᠡᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠲᠤᠰ ᠵᠠᠰᠠᠭ ᠵᠠᠬᠢᠷᠭᠠᠨ ᠤ | ᠬᠡᠪᠴᠢᠶᠡᠨ ᠳᠣᠲᠣᠷᠠᠬᠢ ᠰᠣᠷᠣᠭᠴᠢᠳ ᠲᠤ ᠵᠣᠷᠢᠭᠤᠯᠣᠭᠰᠠᠨ ᠠᠮᠠᠷᠠᠵᠣ ᠬᠤᠭᠤᠯᠠᠯᠠᠬᠤ ᠭᠠᠵᠠᠷ ᠢ ᠳᠠᠩᠰᠠᠯᠠᠬᠤ ᠪᠠ | ᠡᠳᠦᠷ ᠳᠤᠲᠤᠮ ᠤᠨ ᠬᠢᠨᠠᠯᠲᠠ ᠬᠠᠮᠢᠶᠠᠷᠤᠯᠲᠠ ᠬᠢᠵᠦ᠂ ᠰᠣᠷᠣᠭᠴᠢᠳ ᠲᠤ ᠵᠣᠷᠢᠭᠤᠯᠣᠭᠰᠠᠨ ᠠᠮᠠᠷᠠᠵᠣ ᠬᠤᠭᠤᠯᠠᠯᠠᠬᠤ | ᠭᠠᠵᠠᠷ ᠤᠨ ᠢᠳᠡᠭᠡᠨ ᠤᠮᠳᠠᠭᠠᠨ ᠤ ᠦᠢᠯᠡᠴᠢᠯᠡᠭᠡ ᠶᠢᠨ ᠢᠳᠡᠭᠡᠨ ᠤ ᠠᠮᠣᠷ ᠲᠦᠪᠰᠢᠨ ᠤ ᠬᠢᠨᠠᠯᠲᠠ | ᠬᠠᠮᠢᠶᠠᠷᠣᠯᠲᠠ ᠶᠢ ᠪᠣᠳᠠᠲᠠᠶ ᠬᠠᠷᠢᠭᠤᠴᠠᠨ᠂ ᠰᠤᠷᠤᠯᠭ᠎ᠠ ᠶᠢᠨ ᠬᠤᠭᠤᠴᠠᠭ᠎ᠠ ᠪᠦᠷᠢ ᠠᠳᠠᠭ ᠲᠠᠭᠠᠨ ᠨᠢᠭᠡ ᠤᠳᠠᠭ᠎ᠠ | ᠲᠣᠬᠠᠶᠢᠯᠠᠭᠰᠠᠨ ᠠᠵᠢᠯ ᠤᠨ ᠬᠦᠮᠦᠰ ᠤᠨ ᠪᠣᠯᠪᠠᠰᠤᠷᠠᠭᠤᠯᠤᠯ ᠬᠦᠮᠦᠵᠢᠯ ᠢ ᠵᠣᠬᠢᠶᠠᠨ ᠪᠠᠶᠢᠭᠤᠯᠬᠤ ᠶᠢᠨ ᠬᠠᠮᠲᠣ | ᠢᠳᠡᠭᠡᠨ ᠤ ᠠᠮᠤᠷ ᠲᠦᠪᠰᠢᠨ᠂ ᠭᠠᠯ ᠠᠴᠠ ᠰᠡᠷᠭᠡᠶᠢᠯᠡᠬᠦ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ | ᠰᠣᠷᠢᠯᠲᠠ ᠶᠢ ᠵᠣᠬᠢᠮᠵᠢᠲᠠᠢ ᠴᠠᠭ ᠲᠣᠬᠢᠷᠠᠭᠤᠯᠣᠨ ᠵᠣᠬᠢᠶᠠᠨ ᠪᠠᠶᠢᠭᠤᠯᠣᠨ᠎ᠠ᠃ | ︵ᠬᠤᠶᠠᠷ︶ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠰᠤᠷᠤᠭᠴᠢᠳ ᠲᠤ ᠵᠣᠷᠢᠭᠤᠯᠣᠭᠰᠠᠨ ᠠᠮᠠᠷᠠᠵᠣ | ᠬᠤᠭᠤᠯᠠᠯᠠᠬᠤ ᠭᠠᠵᠠᠷ ᠤᠨ ᠠᠮᠠᠷᠠᠬᠤ ᠭᠠᠵᠠᠷ ᠢ ᠬᠢᠨᠠᠨ ᠬᠠᠮᠢᠶᠠᠷᠬᠤ ᠶᠢ ᠬᠠᠷᠢᠭᠤᠴᠠᠬᠤ ᠶᠢᠨ ᠬᠠᠮᠲᠣ ᠢᠳᠡᠭᠡᠨ ᠳᠤ | ᠬᠤᠣᠷᠳᠠᠭᠳᠠᠭᠰᠠᠨ ᠬᠡᠷᠡᠭ ᠢ ᠪᠠᠶᠢᠴᠠᠭᠠᠬᠤ᠂ ᠡᠮᠴᠢᠯᠡᠭᠡᠨ ᠤ ᠪᠠᠶᠢᠭᠤᠯᠤᠮᠵᠢ ᠵᠢᠴᠢ ᠬᠤᠣᠷᠳᠠᠯ ᠠᠮᠰᠠᠭᠰᠠᠨ | ᠰᠣᠷᠣᠭᠴᠢ ᠶᠢ ᠴᠠᠭ ᠲᠤᠬᠠᠶ ᠳᠤᠨᠢ ᠪᠠᠴᠢᠮ ᠠᠪᠣᠷᠠᠯᠲᠠ ᠬᠢᠬᠦ ᠶᠢ ᠵᠣᠬᠢᠶᠠᠨ ᠪᠠᠶᠢᠭᠤᠯᠣᠨ᠎ᠠ᠃ | ︵ᠭᠤᠷᠪᠠ︶ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠰᠤᠷᠤᠭᠴᠢᠳ ᠲᠤ ᠵᠣᠷᠢᠭᠤᠯᠣᠭᠰᠠᠨ | ᠠᠮᠠᠷᠠᠵᠣ ᠬᠤᠭᠤᠯᠠᠯᠠᠬᠤ ᠭᠠᠵᠠᠷ ᠤᠨ ᠡᠵᠡᠩᠨᠡᠭᠴᠢ ᠶᠢᠨ ᠬᠢᠷᠢ ᠴᠢᠳᠠᠮᠵᠢ ᠶᠢ ᠬᠢᠨᠠᠨ ᠪᠠᠶᠢᠴᠠᠭᠠᠬᠤ ᠪᠠ ᠭᠠᠯ | ᠰᠡᠷᠭᠡᠶᠢᠯᠡᠯᠲᠡ ᠶᠢᠨ ᠠᠮᠤᠷ ᠲᠦᠪᠰᠢᠨ ᠢ ᠬᠢᠨᠠᠨ ᠬᠠᠮᠢᠶᠠᠷᠬᠤ ᠶᠢ ᠬᠠᠷᠢᠭᠤᠴᠠᠨ᠂ ᠡᠵᠡᠩᠨᠡᠯᠲᠡ ᠶᠢᠨ ᠲᠠᠯᠠᠪᠤᠷ ᠲᠤ ᠭᠠᠯ | ᠰᠡᠷᠭᠡᠶᠢᠯᠡᠯᠲᠡ ᠶᠢᠨ ᠬᠢᠨᠠᠯᠲᠠ ᠪᠠᠶᠢᠴᠠᠭᠠᠯᠲᠠ ᠬᠢᠵᠦ ᠂ ᠭᠠᠯ ᠤᠨ ᠠᠶᠤᠯ ᠤᠨ ᠲᠠᠯᠳᠠ ᠭᠡᠮ ᠪᠠᠶᠢᠬᠤ ᠶᠢ ᠣᠯᠵᠤ | ᠮᠡᠳᠡᠪᠡᠯ᠂ ᠲᠡᠷᠡ ᠳᠠᠷᠤᠶ ᠳᠤᠨᠢ ᠡᠵᠡᠩᠨᠡᠭᠴᠢ ᠶᠢ ᠵᠠᠷᠯᠢᠭᠳᠠᠵᠤ ᠴᠡᠭᠴᠡᠯᠡᠨ ᠵᠠᠰᠠᠭᠤᠯᠣᠨᠠ᠃ | ︵ᠲᠦᠷᠪᠡ︶ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠰᠤᠷᠤᠭᠴᠢᠳ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ ᠤᠨ ᠡᠵᠡᠩᠨᠡᠭᠴᠢ ᠳᠤ | ᠡᠵᠡᠩᠨᠡᠯᠲᠡ ᠶᠢᠨ ᠦᠨᠡᠮᠯᠡᠯ ᠬᠢᠨᠠᠨ ᠣᠯᠭᠤᠬᠤ ᠶᠢ ᠬᠠᠷᠢᠭᠤᠴᠠᠬᠤ ᠶᠢᠨ ᠬᠠᠮᠲᠣ ᠬᠠᠮᠢᠶ᠎ᠠ ᠪᠦᠬᠦᠢ ᠰᠠᠯᠠᠭ᠎ᠠ ᠮᠥᠴᠢᠷ | ᠯᠦᠭᠡ ᠬᠠᠮᠵᠢᠯᠴᠠᠨ ᠰᠤᠷᠤᠭᠴᠢᠳ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ ᠤᠨ ᠡᠳᠦᠷ ᠲᠤᠳᠤᠮ ᠤᠨ | ᠬᠢᠨᠠᠯᠲᠠ ᠬᠠᠮᠢᠶᠠᠷᠣᠯᠲᠠ ᠶᠢᠨ ᠠᠵᠢᠯ ᠢ ᠰᠠᠶᠢᠲᠤᠷ ᠬᠢᠨ᠎ᠡ᠃ | ︵ᠲᠠᠪᠤ︶ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠰᠤᠷᠭᠠᠭᠤᠯᠢ ᠳᠤ ᠪᠠᠶᠢᠭ᠎ᠠ | ᠰᠤᠷᠤᠭᠴᠢᠳ ᠤᠨ ᠪᠠᠶᠢᠬᠤ ᠰᠤᠷᠤᠭᠴᠢᠳ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ ᠲᠤ ᠪᠦᠬᠦ | ᠲᠠᠯ᠎ᠠ ᠪᠠᠷ ᠪᠠᠶᠢᠴᠠᠭᠠᠯᠲᠠ ᠬᠢᠬᠦ ᠶᠢ ᠬᠠᠷᠢᠭᠤᠴᠠᠵᠣ᠂ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠲᠣᠰ | ᠱᠠᠲᠤᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ᠂ ᠡᠷᠡᠭᠦᠯ | ᠬᠠᠮᠠᠭᠠᠯᠠᠯ ᠤᠨ ᠰᠠᠯᠠᠭ᠎ᠠ ᠮᠥᠴᠢᠷ ᠲᠤ ᠰᠠᠭᠤᠷᠢ ᠲᠤᠭ᠎ᠠ ᠪᠠᠷᠢᠮᠲᠠ ᠶᠢ ᠬᠠᠩᠭᠠᠬᠤ ᠶᠢᠨ ᠬᠠᠮᠲᠣ ᠬᠤᠯᠪᠣᠭᠳᠠᠯ | ᠪᠥᠬᠦᠶ ᠰᠠᠯᠠᠭ᠎ᠠ ᠮᠥᠴᠢᠷ ᠯᠦᠭᠡ ᠬᠠᠮᠵᠢᠯᠴᠠᠨ ᠰᠤᠷᠤᠭᠴᠢᠳ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ | ᠭᠠᠵᠠᠷ ᠤᠨ ᠬᠠᠤᠯᠢ ᠶᠢ ᠵᠥᠷᠢᠴᠡᠵᠦ ᠡᠵᠡᠩᠨᠡᠭᠰᠡᠨ ᠬᠡᠷᠡᠭ ᠢ ᠮᠥᠷᠳᠡᠨ ᠪᠠᠶᠢᠴᠠᠭᠠᠬᠤ ᠠᠵᠢᠯ ᠢ ᠰᠠᠶᠢᠲᠤᠷ ᠬᠢᠨ᠎ᠡ᠃ | ︵ᠵᠢᠷᠭᠤᠭ᠎ᠠ︶ ᠬᠤᠳᠠ ᠶᠢᠨ ᠬᠠᠮᠢᠶᠠᠷᠣᠯᠲᠠ ᠶᠢᠨ ᠰᠠᠯᠠᠭ᠎ᠠ ᠮᠥᠴᠢᠷ ᠰᠤᠷᠤᠭᠴᠢᠳ ᠲᠤ ᠵᠣᠷᠢᠭᠤᠯᠤᠭᠰᠠᠨ | ᠠᠮᠠᠷᠠᠵᠤ ᠬᠤᠭᠤᠯᠠᠯᠠᠬᠤ ᠭᠠᠵᠠᠷ ᠤᠨ ᠲᠣᠭᠤᠭᠠᠨ ᠭᠡᠷ ᠤᠨ ᠬᠠᠶᠠᠭᠳᠠᠮᠠᠯ ᠪᠣᠳᠠᠰ᠂ ᠠᠮᠢᠳᠤᠷᠠᠯ ᠤᠨ ᠬᠤᠭ ᠨᠣᠪᠰᠢ ᠶᠢ | ᠰᠢᠢᠳᠪᠦᠷᠢᠯᠡᠬᠦ ᠵᠢᠴᠢ ᠱᠤᠤᠭᠢᠶ᠎ᠠ ᠲᠡᠭᠤ ᠵᠡᠷᠭᠡ ᠶᠢ ᠬᠢᠨᠠᠨ ᠪᠠᠶᠢᠴᠠᠭᠠᠨ᠎ᠠ᠃ | ᠲᠠᠪᠤᠳᠤᠭᠠᠷ ᠵᠦᠢᠯ ᠰᠤᠷᠤᠭᠴᠢᠳ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ ᠢᠶᠠᠷ ᠨᠢᠭᠡᠴᠢ | ᠪᠣᠯᠭᠠᠵᠤ᠂ ᠬᠡᠷ ᠤᠨ ᠠᠬᠠᠮᠠᠳ ᠤᠨ ᠵᠥᠪᠯᠡᠯ ᠪᠠᠶᠢᠭᠤᠯᠵᠤ᠂ ᠭᠡᠷ ᠤᠨ ᠠᠬᠠᠮᠠᠳ ᠤᠨ ᠵᠥᠪᠯᠡᠯ ᠠᠴᠠ ᠰᠣᠷᠣᠭᠴᠢᠳ | ᠲᠤ ᠵᠣᠷᠢᠭᠤᠯᠣᠭᠰᠠᠨ ᠠᠮᠠᠷᠠᠵᠤ ᠬᠤᠭᠤᠯᠠᠯᠠᠬᠤ ᠭᠠᠵᠠᠷ ᠢ ᠪᠠᠶᠢᠴᠠᠭᠠᠬᠤ ᠳᠦᠷᠢᠮ ᠢ ᠪᠠᠶᠢᠭᠤᠯᠣᠨ᠎ᠠ᠃ ᠬᠡᠷ ᠤᠨ | ᠠᠬᠠᠮᠠᠳ ᠤᠨ ᠵᠥᠪᠯᠡᠯ ᠠᠴᠠ ᠭᠡᠰᠢᠭᠦᠨ ᠰᠣᠩᠭᠤᠨ ᠲᠣᠮᠢᠯᠠᠵᠤ᠂ ᠰᠤᠷᠤᠭᠴᠢᠳ ᠲᠤ ᠵᠣᠷᠢᠭᠤᠯᠤᠭᠰᠠᠨ ᠠᠮᠠᠷᠠᠵᠤ | ᠬᠤᠭᠤᠯᠠᠯᠠᠬᠤ ᠭᠠᠵᠠᠷ ᠤᠨ ᠢᠳᠡᠭᠡᠨ ᠤ ᠠᠮᠤᠷ ᠲᠦᠪᠰᠢᠨ ᠤ ᠪᠠᠶᠢᠳᠠᠯ ᠢ ᠲᠣᠭᠤᠷᠢᠨ ᠪᠠᠶᠢᠴᠠᠭᠠᠵᠤ᠂ ᠭᠠᠷᠠᠭ ᠪᠦᠷᠢ | ᠬᠠᠮᠤᠭ ᠪᠠᠭ᠎ᠠ ᠳᠤ ᠪᠠᠨ ᠨᠢᠭᠡ ᠤᠳᠠᠭ᠎ᠠ ᠪᠠᠶᠢᠴᠠᠭᠠᠨ᠎ᠠ᠃ ᠲᠣᠭᠤᠷᠢᠨ ᠪᠠᠶᠢᠴᠠᠭᠠᠬᠤ ᠳᠤᠮᠳᠠ ᠠᠰᠠᠭᠤᠳᠠᠯ ᠳᠠᠯᠳᠠ | ᠬᠡᠮ ᠢ ᠣᠯᠵᠤ ᠮᠡᠳᠡᠭᠰᠡᠨ ᠪᠣᠯ ᠴᠠᠭ ᠲᠤᠬᠠᠢ ᠳᠤᠨᠢ ᠬᠠᠷᠢᠶ᠎ᠠ ᠭᠠᠵᠠᠷ ᠤᠨ ᠢᠳᠡᠭᠡᠨ ᠪᠠ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠭᠠᠵᠠᠷ ᠲᠤ ᠮᠡᠳᠡᠭᠦᠯᠦᠨ᠎ᠡ᠃ | | ᠬᠤᠶᠠᠳᠤᠭᠠᠷ ᠪᠦᠯᠦᠭ ᠳᠠᠩᠰᠠᠯᠠᠬᠤ ᠬᠠᠮᠢᠶᠠᠷᠤᠯᠲᠠ | | ᠵᠢᠷᠭᠤᠳᠤᠭᠠᠷ ᠵᠦᠢᠯ ᠰᠤᠷᠤᠭᠴᠢᠳ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ ᠲᠤ | ᠳᠠᠩᠰᠠᠯᠠᠬᠤ ᠬᠠᠮᠢᠶᠠᠷᠤᠯᠲᠠ ᠶᠠᠪᠤᠭᠤᠯᠵᠤ᠂ ᠰᠤᠷᠤᠭᠴᠢᠳ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ ᠤᠨ | ᠡᠵᠡᠩᠨᠡᠭᠴᠢ ᠵᠠᠪᠠᠯ ︽ᠬᠥᠬᠡᠬᠤᠲᠠ ᠶᠢᠨ ᠰᠤᠷᠤᠭᠴᠢᠳ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ ᠤᠨ | ᠳᠠᠩᠰᠠᠯᠠᠭᠤᠯᠣᠭᠰᠠᠨ ᠦᠨᠡᠮᠯᠡᠯ︾᠂ ︽ᠡᠵᠡᠩᠨᠡᠯᠲᠡ ᠶᠢᠨ ᠪᠠᠲᠣᠯᠠᠪᠣᠷᠢ︾ ᠪᠠᠶᠢᠮᠠᠨᠵᠢᠨ ᠰᠠᠶ᠋ᠢ ᠡᠵᠡᠩᠨᠡᠵᠦ | ᠪᠣᠯᠤᠨ᠎ᠠ᠃ | ᠳᠣᠯᠣᠳᠤᠭᠠᠷ ᠵᠦᠢᠯ ᠰᠤᠷᠤᠭᠴᠢᠳ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ ᠤᠨ ᠡᠵᠡᠩᠨᠡᠭᠴᠢ | ᠪᠣᠯ ᠢᠳᠡᠭᠡᠨ ᠤ ᠠᠮᠣᠷ ᠲᠦᠪᠰᠢᠨ ᠪᠣᠯᠣᠨ ᠰᠣᠷᠣᠭᠴᠢᠳ ᠤᠨ ᠪᠡᠶ᠎ᠡ ᠶᠢᠨ ᠠᠮᠤᠷ ᠲᠦᠪᠰᠢᠨ ᠤ ᠨᠢᠭᠡᠳᠦᠭᠡᠷ | ᠬᠠᠷᠢᠭᠤᠴᠠᠯᠭᠠᠲᠠᠨ ᠮᠥᠨ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠣᠮᠯᠠᠵᠤ᠂ | ᠰᠣᠷᠣᠭᠴᠢᠳ ᠤᠨ ᠠᠮᠤᠷ ᠲᠦᠪᠰᠢᠨ ᠳᠤ ᠬᠠᠷᠢᠭᠤᠴᠠᠵᠣ᠂ ᠨᠡᠶᠢᠭᠡᠮ ᠨᠡᠶᠢᠲᠡ ᠪᠣᠯᠣᠨ ᠭᠡᠷ ᠤᠨ ᠠᠬᠠᠮᠠᠳ ᠤᠨ | ᠬᠢᠨᠠᠯᠲᠠ ᠶᠢ ᠬᠦᠯᠢᠶᠡᠨ᠎ᠡ᠃ ᠰᠤᠷᠤᠭᠴᠢᠳ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ ᠢ ᠡᠵᠡᠩᠨᠡᠬᠦ ᠳᠤ | ᠬᠠᠮᠢᠶ᠎ᠠ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠬᠠᠮᠢᠶᠠᠷᠤᠯᠲᠠ ᠶᠢᠨ | ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ | ︵ᠨᠢᠭᠡ︶ ᠬᠠᠮᠢᠶ᠎ᠠ ᠪᠦᠬᠦᠢ ᠰᠠᠯᠠᠭ᠎ᠠ ᠮᠥᠴᠢᠷ ᠰᠤᠷᠤᠭᠴᠢᠳ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ | ᠭᠠᠵᠠᠷ ᠤᠨ ᠡᠵᠡᠩᠨᠡᠭᠴᠢ ᠠᠴᠠ ᠳᠣᠣᠷᠠᠬᠢ ᠰᠣᠷᠠᠭ ᠵᠠᠩᠭᠢ ᠶᠢ ᠴᠤᠭᠯᠠᠭᠤᠯᠬᠤ ᠬᠡᠷᠡᠭᠲᠡᠢ᠄ | 1.ᠡᠵᠡᠩᠨᠡᠭᠴᠢ ᠶᠢᠨ ᠪᠡᠶ᠎ᠡ ᠵᠢᠨᠦᠨᠡᠮᠯᠡᠯ ᠤᠨ ᠭᠡᠷᠡᠴᠢ ᠵᠢᠴᠢ ᠬᠠᠭᠤᠯᠪᠤᠷᠢ᠃ | 2.ᠲᠤᠬᠠᠶᠢᠯᠠᠭᠰᠠᠨ ᠠᠵᠢᠯ ᠤᠨ ᠬᠥᠮᠦᠰ ᠤᠨ ᠡᠷᠡᠭᠦᠯ ᠮᠡᠨᠳᠦ ᠶᠢᠨ ᠬᠢᠷᠢ ᠲᠡᠩᠴᠡᠭᠰᠡᠨ ᠭᠡᠷᠡᠴᠢ ᠵᠢᠴᠢ | ᠬᠠᠭᠤᠯᠪᠤᠷᠢ᠃ | 3.ᠬᠦᠮᠦᠰ ᠤᠨ ᠡᠷᠡᠭᠦᠯ ᠮᠡᠨᠳᠦ᠂ ᠪᠣᠯᠪᠠᠰᠣᠷᠠᠭᠤᠯᠣᠯ᠂ ᠢᠳᠡᠭᠡᠨ ᠬᠤᠳᠠᠯᠳᠤᠨ ᠠᠪᠬᠤ ᠪᠠ ᠰᠢᠯᠭᠠᠨ ᠠᠪᠬᠤ᠂ | ᠬᠠᠳᠠᠭᠠᠯᠠᠬᠤ᠂ ᠡᠳ᠋ᠰᠢᠭᠦᠯᠦᠨ ᠪᠣᠯᠪᠠᠰᠤᠷᠠᠭᠤᠯᠬᠤ᠂ ᠦᠯᠢᠭᠡᠷ ᠶᠠᠩᠵᠤ ᠦᠯᠡᠳᠡᠭᠡᠬᠦ᠂ ᠢᠳᠡᠭᠡᠨ ᠤᠮᠳᠠᠭᠠᠨ ᠤ | ᠬᠡᠷᠡᠭᠰᠡᠯ ᠢ ᠤᠬᠢᠶᠠᠨ ᠴᠡᠪᠡᠷᠯᠡᠵᠦ ᠠᠷᠢᠭᠤᠳᠬᠠᠬᠤ᠂ ᠬᠤᠨᠣᠵᠣ ᠬᠡᠪᠲᠡᠬᠦ ᠡᠷᠡᠭᠦᠯ ᠬᠠᠮᠠᠭᠠᠯᠠᠯ᠂ ᠭᠠᠯ | ᠰᠡᠷᠭᠡᠶᠢᠯᠡᠯᠲᠡ ᠶᠢᠨ ᠠᠮᠣᠷ ᠲᠦᠪᠰᠢᠨ ᠵᠡᠷᠭᠡ ᠬᠠᠮᠢᠶᠠᠷᠤᠯᠲᠠ ᠶᠢᠨ ᠲᠦᠷᠢᠮ ᠪᠣᠯᠣᠨ ᠠᠮᠤᠷ ᠲᠦᠪᠰᠢᠨ ᠤ ᠠᠳᠡᠯ ᠤᠨ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ᠃ | ︵ᠬᠤᠶᠠᠷ︶ ᠳᠠᠩᠰᠠᠯᠠᠭᠤᠯᠤᠭᠰᠠᠨ ᠰᠤᠷᠤᠭᠴᠢᠳ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ | ᠳᠣᠣᠷᠠᠬᠢ ᠬᠡᠳᠦᠨ ᠲᠠᠯ᠎ᠠ ᠪᠠᠷ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ | 1.ᠲᠤᠬᠠᠶᠢᠯᠠᠭᠰᠠᠨ ᠠᠵᠢᠯ ᠤᠨ ᠬᠥᠮᠦᠰ ᠡᠷᠡᠭᠦᠯ ᠮᠡᠨᠳᠦ ᠶᠢᠨ ᠬᠢᠷᠢ ᠲᠡᠩᠴᠡᠭᠰᠡᠨ ᠭᠡᠷᠡᠴᠢ ᠪᠠᠶᠢᠬᠤ ᠬᠡᠷᠡᠭᠲᠡᠢ︔ | ᠵᠠᠷᠢᠮ ᠣᠶᠣᠨ ᠰᠠᠨᠠᠭᠠᠨ ᠤ ᠡᠪᠡᠳᠴᠢᠨ ᠲᠠᠢ ᠬᠦᠮᠦᠨ᠂ ᠬᠤᠣᠷ ᠲᠠᠲᠠᠭᠰᠠᠨ ᠲᠡᠦᠬᠡ ᠲᠠᠢ ᠬᠦᠮᠦᠨ᠂ ᠪᠤᠰᠤᠳ | ᠶᠠᠯ᠎ᠠ ᠬᠢᠭᠰᠡᠨ ᠲᠡᠮᠳᠡᠭᠯᠡᠯ ᠲᠠᠢ ᠬᠦᠮᠦᠨ᠂ ᠭᠠᠭᠴᠠ ᠪᠡᠶ᠎ᠡ ᠡᠷᠡᠭᠲᠡᠶ ᠬᠦᠮᠦᠨ ᠰᠤᠷᠤᠭᠴᠢᠳ ᠲᠤ ᠵᠣᠷᠢᠭᠤᠯᠤᠭᠰᠠᠨ | ᠠᠮᠠᠷᠠᠵᠤ ᠬᠤᠭᠤᠯᠠᠯᠠᠬᠤ ᠭᠠᠵᠠᠷ ᠡᠵᠡᠩᠨᠡᠵᠦ ᠪᠣᠯᠬᠤ ᠦᠭᠡᠢ᠃ | 2.ᠭᠠᠵᠠᠷ ᠰᠣᠩᠭᠤᠬᠤ ᠳᠤ ᠪᠠᠨ ᠠᠯᠢ ᠴᠢᠳᠠᠬᠤ ᠪᠠᠷ ᠰᠠᠭᠤᠭᠠᠯᠢ ᠠᠷᠠᠳ ᠤᠨ ᠠᠰᠠᠷ ᠢ ᠰᠣᠩᠭᠤᠬᠤ ᠦᠭᠡᠢ᠂ | ᠬᠡᠷᠪᠡ ᠰᠠᠭᠤᠭᠠᠯᠢ ᠠᠷᠠᠳ ᠤᠨ ᠠᠰᠠᠷ ᠢ ᠰᠣᠩᠭᠤᠪᠠᠯ᠂ ᠵᠠᠷᠴᠢᠮ ᠳᠡᠭᠡᠷ᠎ᠡ ᠪᠠᠨ ᠭᠤᠷᠪᠠᠨ ᠳᠠᠪᠬᠤᠷᠭ᠎ᠠ ᠠᠴᠠ | ᠳᠣᠭᠤᠭᠰᠢ ᠪᠠᠶᠢᠵᠤ᠂ ᠭᠠᠵᠠᠷ ᠳᠣᠣᠷᠠᠬᠢ ᠥᠷᠦᠭᠡ ᠶᠢ ᠪᠠᠭᠲᠠᠭᠠᠵᠣ ᠪᠣᠯᠬᠤ ᠦᠭᠡᠶ᠂ ᠴᠣᠩᠬᠤᠨ ᠳᠤᠨᠢ | ᠬᠠᠮᠠᠭᠠᠯᠠᠯᠲᠠ ᠬᠢᠵᠦ ᠪᠣᠯᠬᠤ ᠦᠭᠡᠢ︔ ᠳᠥᠷᠪᠡᠨ ᠳᠠᠪᠬᠤᠷᠭ᠎ᠠ ᠠᠴᠠ ᠳᠡᠭᠡᠭᠰᠢᠬᠢ ᠶᠢ ᠰᠣᠩᠭᠤᠪᠠᠯ ᠣᠷᠣᠵᠣ ᠭᠠᠷᠬᠤ | ᠬᠤᠣᠰ ᠵᠠᠮ ᠪᠠᠶᠢᠬᠤ ᠬᠡᠷᠡᠭᠲᠡᠶ︔ ᠡᠵᠡᠩᠨᠡᠯᠲᠡ ᠶᠢᠨ ᠭᠠᠵᠠᠷ ᠵᠠᠪᠠᠯ ᠴᠢᠬᠤᠯᠠ ᠪᠥᠬᠦᠢ ᠭᠠᠯ ᠤᠨᠲᠠᠷᠠᠭᠠᠬᠤ | ᠲᠥᠬᠦᠭᠡᠷᠦᠮᠵᠢ ᠲᠠᠢ ᠪᠠᠶᠢᠬᠤ ᠬᠡᠷᠡᠭᠲᠡᠶ᠃ | 3.ᠳᠠᠮᠵᠢᠭᠤᠯᠬᠤ ᠬᠤᠭᠤᠯᠠᠶ ᠪᠦᠬᠦᠢ ᠰᠢᠲᠠᠮᠠᠬᠠᠢ ᠭᠡᠢ ᠲᠣᠬᠢᠷᠠᠭᠤᠯᠬᠤ ᠶᠢᠨ ᠬᠠᠮᠲᠤ ᠲᠣᠭᠲᠠᠭᠠᠯ ᠶᠣᠰᠣᠭᠠᠷ | ᠪᠡᠯᠡᠳᠬᠡᠮᠵᠢ ᠶᠢ ᠠᠷᠠᠴᠢᠯᠠᠨ ᠬᠠᠮᠠᠭᠠᠯᠠᠵᠣ᠂ ᠯᠠᠵᠠᠯᠠᠭᠰᠠᠨ ᠰᠢᠲᠠᠮᠠᠬᠠᠶ ᠬᠡᠢ ᠬᠡᠷᠡᠭᠯᠡᠵᠦ ᠪᠣᠯᠬᠤ ᠦᠭᠡᠢ᠃ | 4.ᠢᠳᠡᠭᠡᠨ᠂ ᠡᠷᠡᠭᠦᠯ ᠬᠠᠮᠠᠭᠠᠯᠠᠯ᠂ ᠭᠠᠯ ᠰᠡᠷᠭᠡᠶᠢᠯᠡᠯᠲᠡ ᠶᠢᠨ ᠠᠮᠣᠷ ᠲᠦᠪᠰᠢᠨ ᠵᠡᠷᠭᠡ ᠬᠠᠮᠢᠶᠠᠷᠤᠯᠲᠠ ᠶᠢᠨ | ᠳᠦᠷᠢᠮ ᠢ ᠲᠣᠭᠲᠠᠭᠠᠭᠰᠠᠨ ᠪᠠᠶᠢᠬᠤ ᠬᠡᠷᠡᠭᠲᠡᠢ᠃ | 5.ᠲᠣᠭᠤᠭᠠᠨ ᠬᠡᠷ ᠬᠢᠭᠡᠳ ᠬᠤᠭᠤᠯᠠ ᠢᠳᠡᠬᠦ ᠭᠠᠵᠠᠷ᠂ ᠬᠤᠨᠣᠬᠤ ᠭᠠᠵᠠᠷ ᠲᠤᠰᠠᠭᠠᠷ ᠪᠠᠶᠢᠬᠤ ᠬᠡᠷᠡᠭᠲᠡᠢ᠃ | 6.ᠲᠣᠭᠤᠭᠠᠨ ᠭᠡᠷ ᠲᠤ ᠵᠠᠪᠠᠯ ᠣᠰᠤ ᠭᠠᠷᠬᠤ ᠣᠰᠤ ᠭᠠᠳᠠᠭᠰᠢᠯᠠᠭᠤᠯᠬᠤ ᠪᠡᠯᠡᠳᠬᠡᠮᠵᠢ ᠲᠠᠢ ᠪᠠᠶᠢᠵᠤ᠂ | ᠤᠰᠤᠨ ᠤ ᠴᠢᠨᠠᠷ ᠨᠢ ᠤᠯᠤᠰ ᠤᠨ ︽ᠠᠮᠢᠳᠤᠷᠠᠯ ᠤᠨ ᠤᠤᠭᠤᠬᠤ ᠤᠰᠤᠨ ᠤ ᠠᠷᠢᠭᠤᠨ ᠴᠡᠪᠡᠷ ᠤᠨ ᠪᠠᠷᠢᠮᠵᠢᠶ᠎ᠠ︾ ︵ | GB5749︶ ᠶᠢᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ | 7.ᠬᠡᠪ ᠤᠨ ᠡᠷᠭᠢᠯᠲᠡ ᠲᠠᠢ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠨ ᠴᠡᠪᠡᠷᠯᠡᠵᠦ ᠠᠷᠢᠭᠤᠳᠬᠠᠬᠤ᠂ | ᠠᠷᠢᠭᠤᠨ ᠴᠡᠪᠡᠷ ᠤᠨ ᠪᠡᠯᠡᠳᠬᠡᠮᠵᠢ᠂ ᠬᠦᠢᠲᠡᠨ ᠬᠠᠳᠠᠭᠠᠯᠠᠬᠤ ᠬᠦᠯᠳᠡᠭᠡᠨ ᠬᠠᠳᠠᠭᠠᠯᠠᠬᠤ ᠪᠠ ᠢᠳᠡᠭᠡᠨ ᠢ ᠶᠠᠩᠵᠤ | ᠦᠯᠡᠳᠡᠭᠡᠬᠦ ᠪᠡᠯᠡᠳᠬᠡᠮᠵᠢ ᠲᠣᠬᠢᠷᠠᠭᠤᠯᠣᠭᠰᠠᠨ ᠪᠠᠶᠢᠵᠤ᠂ ᠲᠦᠭᠦᠬᠡᠶ ᠪᠣᠯᠭᠤᠭᠠᠭᠰᠠᠨ ᠢᠳᠡᠭᠡᠨ ᠳᠤ ᠬᠡᠷᠡᠭᠯᠡᠳᠡᠭ | ᠪᠠᠭᠠᠵᠢ ᠬᠡᠷᠡᠭᠰᠡᠯ᠂ ᠰᠠᠪᠠ ᠰᠠᠭᠤᠯᠠᠭ᠎ᠠ ᠳᠡᠭᠡᠷᠡᠬᠢ ᠲᠡᠮᠳᠡᠭ ᠨᠢ ᠢᠯᠡᠷᠬᠡᠶ ᠪᠥᠭᠡᠳ ᠬᠠᠶᠠᠭᠳᠠᠮᠠᠯ ᠪᠣᠳᠠᠰ ᠬᠢᠳᠡᠭ | ᠠᠮᠠᠰᠠᠷ ᠲᠠᠢ ᠬᠤᠭ ᠤᠨ ᠰᠠᠪᠠ ᠪᠠᠶᠢᠬᠤ ᠬᠡᠷᠡᠭᠲᠡᠢ᠃ | 8.ᠲᠣᠭᠤᠭᠠᠨ ᠭᠡᠷ ᠲᠤ ᠢᠳᠡᠭᠡᠨ ᠤᠮᠳᠠᠭᠠᠨ ᠤ ᠰᠠᠪᠠ ᠬᠡᠷᠡᠭᠰᠡᠯ ᠪᠣᠯᠣᠨ ᠢᠳᠡᠰᠢᠨ ᠨᠣᠭᠤᠭ᠎ᠠ ᠤᠬᠢᠶᠠᠬᠤ | ᠲᠠᠲᠠᠭᠠᠯ ᠲᠠᠢ ᠪᠠᠶᠢᠵᠤ᠂ ᠬᠤᠭᠤᠯᠠ ᠢᠳᠡᠬᠦ ᠭᠠᠵᠠᠷ ᠰᠠᠯᠬᠢ ᠨᠡᠪᠲᠡᠷᠡᠵᠦ᠂ ᠭᠡᠷᠡᠯ ᠤᠨ ᠠᠪᠣᠴᠠ᠂ ᠭᠡᠷᠡᠯᠲᠦᠭᠦᠯᠭᠡ | ᠵᠠᠪᠠᠯ ᠰᠠᠶᠢᠨ ᠪᠠᠶᠢᠵᠤ᠂ ᠤᠷᠤᠰᠬᠠᠯ ᠤᠰᠤᠨ ᠤ ᠭᠠᠷ ᠤᠬᠢᠶᠠᠬᠤ ᠪᠡᠯᠡᠳᠬᠡᠮᠵᠢ ᠪᠠᠶᠢᠬᠤ ᠬᠡᠷᠡᠭᠲᠡᠢ᠃ | 9.ᠲᠣᠭᠤᠭᠠᠨ ᠭᠡᠷ ᠤᠨ ᠭᠠᠵᠠᠷ ᠤᠨ ᠭᠠᠳᠠᠷᠭᠤ ᠶᠢ ᠤᠰᠤᠨ ᠠᠴᠠ ᠰᠡᠷᠭᠡᠶᠢᠯᠡᠬᠦ᠂ ᠴᠡᠪᠡᠷᠯᠡᠵᠦ ᠤᠬᠢᠶᠠᠬᠤ ᠳᠤ | ᠠᠮᠠᠷᠬᠠᠨ᠂ ᠬᠠᠯᠳᠣᠷᠢᠬᠤ ᠠᠴᠠ ᠰᠡᠷᠭᠡᠶᠢᠯᠡᠬᠦ ᠮᠠᠲ᠋ᠧᠷᠢᠶᠠᠯ ᠪᠠᠷ ᠳᠡᠪᠢᠰᠴᠦ᠂ ᠬᠠᠨ᠎ᠠ ᠶᠢᠨ ᠱᠠᠭᠠᠵᠠᠩ | ᠲᠣᠭᠤᠰᠬ᠎ᠠ ᠨᠢ ᠳᠡᠭᠡᠪᠦᠷ ᠲᠤ ᠲᠣᠯᠵᠤ᠂ ᠭᠡᠷ ᠤᠨ ᠳᠡᠭᠡᠪᠦᠷ ᠢ ᠦᠯᠦ ᠸᠠᠯᠠᠬᠤ᠂ ᠤᠰᠤ ᠰᠡᠷᠭᠡᠶᠢᠯᠡᠬᠦ | ᠮᠠᠲ᠋ᠧᠷᠢᠶᠠᠯ ᠢᠶᠠᠷ ᠪᠦᠷᠬᠦᠭᠦᠯᠦᠨ᠂ ᠲᠤᠰᠦ ᠲᠠᠲᠠᠬᠤ ᠲᠥᠬᠦᠭᠡᠷᠦᠮᠵᠢ ᠲᠠᠢ᠂ ᠡᠭᠦᠳᠡ ᠴᠣᠩᠬᠤᠨ ᠳᠤ ᠢᠯᠠᠭ᠎ᠠ | ᠰᠡᠷᠭᠡᠶᠢᠯᠡᠬᠦ ᠪᠡᠯᠡᠳᠬᠡᠮᠵᠢ ᠲᠠᠢ ᠪᠠᠶᠢᠬᠤ ᠬᠡᠷᠡᠭᠲᠡᠶ᠃ | 10.ᠬᠤᠨᠣᠬᠤ ᠱᠠᠭᠠᠷᠳᠠᠯᠭ᠎ᠠ ᠲᠠᠢ ᠪᠣᠯ᠂ ᠬᠤᠨᠣᠬᠤ ᠲᠠᠯᠠᠪᠠᠢ ᠨᠢ ᠬᠤᠭᠤᠯᠠ ᠢᠳᠡᠬᠦ ᠰᠣᠷᠣᠭᠴᠢᠳ ᠤᠨ | ᠬᠥᠮᠦᠨ ᠤ ᠲᠤᠭ᠎ᠠ ᠲᠠᠢ ᠲᠣᠬᠢᠷᠠᠯᠴᠠᠬᠤ ᠪᠥᠭᠡᠳ ᠭᠡᠷ ᠪᠦᠯᠢ ᠶᠢᠨ ᠬᠢᠨ ᠲᠠᠢ ᠬᠤᠯᠢᠵᠣ ᠬᠤᠳᠬᠤᠵᠣ ᠬᠡᠷᠡᠭᠯᠡᠵᠦ | ᠪᠣᠯᠬᠤ ᠦᠭᠡᠢ︔ 1 ᠬᠥᠮᠦᠨ 1 ᠣᠷᠣ ᠲᠠᠢ ᠪᠠᠶᠢᠬᠤ ᠶᠢ ᠪᠠᠲᠣᠯᠠᠵᠣ᠂ ᠣᠷᠣ ᠨᠢ ᠬᠤᠶᠠᠷ ᠳᠠᠪᠬᠤᠷ ᠠᠴᠠ ᠳᠡᠭᠡᠭᠰᠢ | ᠪᠠᠶᠢᠵᠤ ᠪᠣᠯᠬᠤ ᠦᠭᠡᠢ᠂ ᠤᠷᠳᠦ ᠨᠡᠶᠢᠯᠡᠮᠡᠯ ᠣᠷᠣ᠂ ᠱᠠᠯᠠ ᠳᠡᠭᠡᠷ᠎ᠡ ᠳᠡᠪᠢᠰᠦᠭᠰᠡᠨ ᠣᠷᠣ ᠪᠠᠶᠢᠵᠤ ᠪᠤᠯᠬᠤ ᠦᠭᠡᠢ᠂ | ᠬᠤᠶᠠᠷ ᠣᠷᠣ ᠶᠢᠨ ᠬᠤᠭᠤᠷᠣᠨᠳᠣ ᠵᠣᠬᠢᠬᠤ ᠵᠠᠶ ᠲᠠᠢ ᠪᠠᠶᠢᠵᠤ᠂ ᠬᠥᠮᠦᠨ ᠪᠦᠷᠢ ᠶᠢᠨ ᠳᠤᠮᠳᠠᠴᠢ ᠣᠷᠣᠨ | ᠰᠠᠭᠤᠴᠠ ᠶᠢᠨ ᠲᠠᠯᠠᠪᠠᠶ ᠨᠢ 2.5 —3 ᠲᠡᠭᠰᠢ ᠳᠦᠷᠪᠡᠯᠵᠢᠨ ᠮᠧᠲᠷ ᠠᠴᠠ ᠪᠠᠭ᠎ᠠ ᠪᠠᠶᠢᠵᠤ ᠪᠣᠯᠬᠤ ᠦᠭᠡᠢ ︵ | ᠡᠵᠡᠩᠨᠡᠯᠲᠡ ᠶᠢᠨ ᠭᠠᠵᠠᠷ ᠤᠨ ᠪᠠᠷᠢᠯᠭ᠎ᠠ ᠶᠢᠨ ᠲᠠᠯᠠᠪᠠᠢ ᠪᠠᠷ ᠪᠣᠳᠣᠨ᠎ᠠ︶᠃ | 11.ᠬᠥᠮᠦᠨ ᠪᠦᠷᠢ ᠳᠤ ᠨᠢᠭᠡ ᠨᠢᠭᠤᠷ ᠤᠨ ᠠᠯᠴᠢᠭᠤᠷ ᠬᠡᠷᠡᠭᠯᠡᠭᠦᠯᠵᠦ᠂ ᠲᠡᠮᠳᠡᠭ ᠲᠠᠯᠪᠢᠵᠤ ᠢᠯᠭᠠᠬᠤ | ᠬᠡᠷᠡᠭᠲᠡᠶ᠃ | 12.ᠬᠤᠨᠣᠬᠤ ᠭᠠᠵᠠᠷ ᠲᠤ ᠪᠠᠨ ᠬᠡᠲᠦ ᠶᠠᠭᠠᠨ ᠬᠡᠷᠡᠯ ᠤᠨ ᠠᠷᠢᠭᠤᠳᠬᠠᠯ ᠳ᠋ᠧᠩ ᠲᠣᠬᠢᠷᠠᠭᠤᠯᠬᠤ ᠬᠡᠷᠡᠭᠲᠡᠢ᠃ | | 13.ᠡᠵᠡᠩᠨᠡᠯᠲᠡ ᠶᠢᠨ ᠭᠠᠵᠠᠷ ᠲᠤ ᠤᠰᠤᠨ ᠲᠠᠲᠠᠭᠤᠷᠲᠤ ᠮᠠᠶ᠋ᠢᠭ ᠤᠨ ᠪᠡᠶ᠎ᠡ ᠵᠠᠰᠠᠬᠤ ᠥᠷᠦᠭᠡ ᠪᠠᠶᠢᠬᠤ | ᠬᠡᠷᠡᠭᠲᠡᠢ᠃ | ︵ᠭᠤᠷᠪᠠ︶ ᠰᠤᠷᠤᠭᠴᠢᠳ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ ᠤᠨ ᠳᠠᠩᠰᠠᠯᠠᠬᠤ ᠲᠡᠰ | ᠳᠠᠷᠠᠭᠠᠯᠠᠯ᠃ | 1.ᠠᠬᠤᠢ ᠲᠠᠯᠠᠪᠠᠢ ᠳᠤ ᠳᠠᠩᠰᠠᠯᠠᠬᠤ ᠦᠶᠡᠰ᠂ ᠢᠳᠡᠭᠡᠨ ᠡᠮ ᠤᠨ ᠵᠦᠢᠯ᠂ ᠡᠷᠡᠭᠦᠯ ᠬᠠᠮᠠᠭᠠᠯᠠᠯ᠂ | ᠳᠣᠲᠣᠭᠠᠳᠤ ᠶᠢ ᠬᠠᠮᠠᠭᠠᠯᠠᠬᠤ᠂ ᠬᠤᠳᠠ ᠶᠢᠨ ᠬᠠᠮᠢᠶᠠᠷᠤᠯᠲᠠ᠂ ᠦᠢᠯᠡᠳᠪᠦᠷᠢ ᠬᠤᠳᠠᠯᠳᠤᠭ᠎ᠠ᠂ ᠰᠤᠷᠭᠠᠨ | ᠬᠥᠮᠦᠵᠢᠯ ᠤᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠠᠵᠢᠯᠲᠠᠳ ᠠᠴᠠ ᠨᠠᠭᠠᠳᠤ ᠵᠠᠬ᠎ᠠ ᠨᠢ 1 | ᠬᠥᠮᠦᠨ ᠪᠠᠶᠢᠵᠤ᠂ ᠬᠦᠴᠦᠨ ᠪᠦᠬᠦᠢ ᠦᠨᠡᠮᠯᠡᠯ ᠢᠶᠠᠨ ᠦᠵᠡᠭᠦᠯᠵᠦ᠂ ᠢᠷᠡᠭᠰᠡᠨ ᠵᠣᠷᠢᠯᠭ᠎ᠠ ᠪᠠᠨ ᠲᠣᠳᠣᠷᠬᠠᠶᠢᠯᠠᠵᠤ᠂ | ︽ᠬᠥᠬᠡᠬᠤᠲᠠ ᠶᠢᠨ ᠰᠤᠷᠤᠭᠴᠢᠳ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ ᠢ ᠳᠠᠩᠰᠠᠯᠠᠨ ᠲᠡᠮᠳᠡᠭᠯᠡᠬᠦ | ᠬᠦᠰᠦᠨᠦᠭᠲᠦ︾ ᠶᠢ ᠲᠠᠭᠯᠠᠵᠤ᠂ ᠡᠵᠡᠩᠨᠡᠭᠴᠢ ᠠᠴᠠ ᠬᠠᠷᠭᠤᠭᠤᠯᠵᠤ ᠦᠵᠡᠭᠡᠳ ᠪᠤᠷᠤᠭᠤ ᠦᠭᠡᠢ ᠪᠠᠶᠢᠪᠠᠯ᠂ ᠬᠤᠶᠠᠷ | ᠲᠠᠯ᠎ᠠ ᠠᠴᠠ ︽ᠬᠥᠬᠡᠬᠤᠲᠠ ᠶᠢᠨ ᠰᠤᠷᠤᠭᠴᠢᠳ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ ᠢ | ᠳᠠᠩᠰᠠᠯᠠᠨ ᠲᠡᠮᠳᠡᠭᠯᠡᠬᠦ ᠬᠦᠰᠦᠨᠦᠭᠲᠦ︾ ᠳᠡᠭᠡᠷ᠎ᠡ ᠭᠠᠷ ᠤᠨ ᠦᠰᠦᠭ ᠵᠢᠷᠤᠬᠤ ᠪᠤᠶᠤ ᠲᠠᠮᠠᠭ᠎ᠠ ᠳᠠᠷᠣᠨ᠎ᠠ᠃ | 2.ᠰᠤᠷᠤᠭᠴᠢᠳ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ ᠤᠨ ᠡᠵᠡᠩᠨᠡᠭᠴᠢ ᠬᠢᠨᠠᠨ ᠬᠠᠮᠢᠶᠠᠷᠬᠤ | ᠠᠵᠢᠯᠳᠡᠨ ᠤ ᠱᠠᠭᠠᠷᠳᠠᠯᠭ᠎ᠠ ᠶᠣᠰᠣᠭᠠᠷ᠂ ᠳᠠᠩᠰᠠᠯᠠᠭᠤᠯᠬᠤ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠬᠠᠩᠭᠠᠬᠤ | ᠬᠡᠷᠡᠭᠲᠡᠶ᠃ | 3.ᠰᠤᠷᠤᠯᠭ᠎ᠠ ᠶᠢᠨ ᠬᠤᠭᠤᠴᠠᠭ᠎ᠠ ᠪᠦᠷᠢ ᠰᠣᠷᠭᠠᠭᠤᠯᠢ ᠡᠬᠢᠯᠡᠬᠦ ᠠᠴᠠ ᠡᠮᠦᠨ᠎ᠡ᠂ ᠰᠤᠷᠭᠠᠨ ᠬᠥᠮᠦᠵᠢᠯ ᠤᠨ | ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠰᠣᠷᠭᠠᠭᠤᠯᠢ ᠶᠢ ᠵᠣᠬᠢᠶᠠᠨ ᠪᠠᠶᠢᠭᠤᠯᠵᠤ ᠡᠯ᠎ᠡ | ᠳᠤᠮᠳᠠᠳᠤ ᠪᠠᠭ᠎ᠠ ᠰᠤᠷᠭᠠᠭᠤᠯᠢ ᠶᠢᠨ ᠡᠭᠦᠳᠡᠨ ᠡᠮᠦᠨᠡᠬᠢ ᠢᠯᠡ ᠪᠠᠶᠢᠷᠢᠨ ᠳᠤ ᠰᠤᠷᠭᠠᠭᠤᠯᠢ ᠶᠢᠨ ᠡᠷᠭᠢᠨ ᠲᠣᠭᠤᠷᠢᠨ ᠤ | ᠳᠠᠩᠰᠠᠯᠠᠭᠤᠯᠤᠭᠰᠠᠨ ᠰᠤᠷᠤᠭᠴᠢᠳ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ ᠤᠨ ᠨᠡᠷᠡᠰ ︵ᠨᠡᠷ᠎ᠡ᠂ | ᠬᠠᠶ᠋ᠢᠭ᠂ ᠬᠠᠷᠢᠯᠴᠠᠬᠤ ᠤᠲᠠᠰᠤ ᠶᠢ ᠪᠠᠭᠲᠠᠭᠠᠨ᠎ᠠ︶ ᠪᠣᠯᠣᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠶᠢ | ᠵᠠᠷᠯᠠᠵᠤ᠂ ᠰᠤᠷᠤᠭᠴᠢᠳ ᠤᠨ ᠬᠡᠷ ᠤᠨ ᠠᠬᠠᠮᠠᠳ ᠤᠨ ᠰᠣᠩᠭᠤᠯᠲᠠ ᠳᠤ ᠲᠦᠬᠦᠮ ᠦᠵᠡᠭᠦᠯᠦᠨ᠎ᠡ᠃ | | ᠭᠤᠷᠪᠠᠳᠤᠭᠠᠷ ᠪᠦᠯᠦᠭ ᠡᠵᠡᠩᠨᠡᠯᠲᠡ ᠬᠠᠮᠢᠶᠠᠷᠣᠯᠲᠠ | | ᠨᠠᠢᠮᠠᠳᠤᠭᠠᠷ ᠵᠦᠢᠯ ᠰᠤᠷᠤᠭᠴᠢᠳ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ ᠤᠨ ᠡᠵᠡᠩᠨᠡᠭᠴᠢ | ᠨᠠᠶᠢᠳᠠᠵᠣ ᠬᠠᠮᠢᠶᠠᠷᠣᠭᠤᠯᠣᠭᠰᠠᠨ ᠰᠤᠷᠤᠭᠴᠢ ᠶᠢ ᠬᠥᠮᠦᠵᠢᠭᠦᠯᠬᠦ ᠪᠠ ᠬᠠᠮᠢᠶᠠᠷᠬᠤ ᠪᠠᠨ ᠴᠢᠩᠭᠠᠳᠬᠠᠵᠤ᠂ | ᠰᠣᠷᠣᠭᠴᠢᠳ ᠤᠨ ᠰᠤᠷᠤᠭᠴᠢᠳ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ ᠵᠢᠴᠢ ᠡᠷᠬᠢᠨ ᠲᠣᠭᠤᠷᠢᠨ | ᠳᠤ ᠱᠣᠣᠭᠢᠯᠳᠤᠬᠤ ᠶᠢ ᠴᠢᠩᠭ᠎ᠠ ᠴᠠᠭᠠᠵᠠᠯᠠᠨ᠂ ᠪᠣᠰᠤᠳ ᠢ ᠬᠠᠷᠰᠢᠯᠠᠬᠤ ᠠᠴᠠ ᠵᠠᠶᠢᠯᠠᠰᠬᠢᠬᠤ ᠶᠢᠨ ᠬᠠᠮᠲᠣ ᠬᠥᠷᠰᠢ | ᠵᠡᠷᠭᠡᠯᠡᠳᠡᠭᠡ ᠶᠢᠨ ᠬᠤᠭᠤᠷᠣᠨᠳᠣᠬᠢ ᠵᠠᠭᠤᠷᠠᠯᠳᠣᠭᠠᠨ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ | ᠶᠢᠰᠦᠳᠦᠭᠡᠷ ᠵᠦᠢᠯ ᠰᠤᠷᠤᠭᠴᠢᠳ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ ᠤᠨ ᠡᠵᠡᠩᠨᠡᠭᠴᠢ | ᠢᠳᠡᠭᠡᠨ ᠤ ᠠᠮᠣᠷ ᠲᠦᠪᠰᠢᠨ ᠤ ᠬᠠᠮᠢᠶᠠᠷᠤᠯᠲᠠ ᠶᠢᠨ ᠲᠦᠷᠢᠮ ᠪᠣᠯᠤᠨ ᠠᠵᠢᠯ ᠤᠨ ᠪᠠᠶᠢᠷᠢ ᠶᠢᠨ | ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠬᠤ ᠶᠢᠨ ᠬᠠᠮᠲᠤ ᠬᠤᠭᠤᠯᠠ ᠢᠳᠡᠬᠦ ᠲᠠᠯᠠᠪᠣᠷ ᠲᠤ ᠵᠠᠷᠯᠠᠨ ᠨᠡᠶᠢᠲᠡᠯᠡᠬᠦ | ᠬᠡᠷᠡᠭᠲᠡᠶ᠃ | ᠠᠷᠪᠠᠳᠤᠭᠠᠷ ᠵᠦᠢᠯ ᠰᠤᠷᠤᠭᠴᠢᠳ ᠲᠤ ᠬᠤᠪᠢᠳᠠᠵᠣ ᠬᠤᠭᠤᠯᠠᠯᠠᠬᠤ ᠲᠦᠷᠢᠮ ᠢ ᠬᠡᠷᠡᠭᠵᠢᠭᠦᠯᠵᠦ᠂ | ᠬᠤᠭᠤᠯᠠᠨ ᠤ ᠰᠠᠪᠠ ᠬᠡᠷᠡᠭᠰᠡᠯ ᠢ ᠬᠤᠭᠤᠯᠠᠨ ᠤ ᠡᠮᠦᠨ᠎ᠡ ᠤᠬᠢᠶᠠᠵᠤ ᠠᠷᠢᠭᠤᠳᠬᠠᠨ᠂ ᠠᠷᠢᠭᠤᠳᠬᠠᠭᠰᠠᠨ ᠤ | ᠳᠠᠷᠠᠭᠠᠬᠢ ᠬᠤᠭᠤᠯᠠᠨ ᠤ ᠪᠠᠭᠠᠵᠢ ᠬᠡᠷᠡᠭᠰᠡᠯ ᠢ ᠠᠶᠠᠭ᠎ᠠ ᠬᠠᠳᠠᠭᠠᠯᠠᠬᠤ ᠲᠤᠰᠬᠠᠶ ᠠᠷᠢᠭᠤᠨ ᠴᠡᠪᠡᠷ ᠪᠠᠶᠢᠯᠭᠠᠬᠤ | ᠬᠤᠷᠭᠤᠨ ᠳᠤ ᠬᠢᠵᠦ ᠬᠡᠷᠡᠭᠯᠡᠬᠦ ᠳᠤ ᠪᠡᠯᠡᠬᠡᠨ ᠪᠣᠯᠭᠠᠵᠣ᠂ ᠨᠢᠭᠡᠨᠲᠡ ᠠᠷᠢᠭᠤᠳᠬᠠᠭᠰᠠᠨ ᠪᠠ ᠠᠷᠢᠭᠤᠳᠬᠠᠭᠰᠠᠨ | ᠦᠭᠡᠢ ᠬᠤᠭᠤᠯᠠᠨ ᠤ ᠪᠠᠭᠠᠵᠢ ᠬᠡᠷᠡᠭᠰᠡᠯ ᠢ ᠰᠠᠯᠭᠠᠵᠤ ᠬᠠᠳᠠᠭᠠᠯᠠᠨ᠂ ᠠᠷᠢᠭᠤᠨ ᠴᠡᠪᠡᠷ ᠪᠠᠶᠢᠯᠭᠠᠬᠤ ᠬᠤᠷᠭᠤᠨ | ᠳᠡᠭᠡᠷ᠎ᠡ ᠲᠣᠳᠣᠷᠬᠠᠶ ᠲᠡᠮᠳᠡᠭ ᠲᠠᠢ ᠪᠠᠶᠢᠵᠤ᠂ ᠬᠤᠭᠤᠯᠠᠨ ᠤ ᠰᠠᠪᠠ ᠬᠡᠷᠡᠭᠰᠡᠯ ᠤᠨ ᠠᠷᠢᠭᠤᠨ ᠴᠡᠪᠡᠷ ᠪᠠᠶᠢᠯᠭᠠᠬᠤ | ᠬᠤᠷᠭᠤ ᠶᠢ ᠲᠣᠭᠲᠠᠮᠠᠯ ᠬᠤᠭᠤᠴᠠᠭ᠎ᠠ ᠲᠠᠢ ᠪᠠᠷ ᠤᠬᠢᠶᠠᠨ ᠴᠡᠪᠡᠷᠯᠡᠵᠦ᠂ ᠠᠷᠢᠭᠤᠨ ᠴᠡᠪᠡᠷ ᠪᠠᠶᠢᠬᠤ ᠶᠢ ᠪᠠᠲᠣᠯᠠᠬᠤ | ᠬᠡᠷᠡᠭᠲᠡᠢ᠃ ᠠᠷᠢᠭᠤᠳᠬᠠᠭᠰᠠᠨ ᠦᠭᠡᠢ ᠬᠤᠭᠤᠯᠠᠨ ᠤ ᠪᠠᠭᠠᠵᠢ ᠬᠡᠷᠡᠭᠰᠡᠯ ᠢ ᠬᠡᠷᠡᠭᠯᠡᠵᠦ ᠪᠣᠯᠬᠤ ᠦᠭᠡᠢ᠂ ᠭᠠᠭᠴᠠ | ᠤᠳᠠᠭ᠎ᠠ ᠬᠡᠷᠡᠭᠯᠡᠬᠦ ᠬᠤᠭᠤᠯᠠᠨ ᠤ ᠬᠡᠷᠡᠭᠰᠡᠯ ᠢ ᠳᠠᠬᠢᠨ ᠬᠡᠷᠡᠭᠯᠡᠬᠦ ᠶᠢ ᠴᠠᠭᠠᠵᠠᠯᠠᠨ᠎ᠠ᠃ | ᠠᠷᠪᠠᠨ ᠨᠢᠭᠡᠳᠦᠭᠡᠷ ᠵᠦᠢᠯ ᠰᠤᠷᠤᠭᠴᠢᠳ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ ᠤᠨ | ᠡᠵᠡᠩᠨᠡᠭᠴᠢ ᠶᠢᠨ ᠬᠡᠷᠡᠭᠯᠡᠵᠦ ᠪᠠᠶᠢᠭ᠎ᠠ ᠭᠠᠭᠴᠠ ᠤᠳᠠᠭ᠎ᠠ ᠬᠡᠷᠡᠭᠯᠡᠬᠦ ᠬᠤᠭᠤᠯᠠᠨ ᠤ ᠬᠡᠷᠡᠭᠰᠡᠯ ᠨᠢ ᠵᠠᠪᠠᠯ ᠪᠠᠷᠠᠭ᠎ᠠ | ᠣᠷᠣᠭᠤᠯᠬᠤ ᠪᠠᠶᠢᠴᠠᠭᠠᠨ ᠰᠢᠯᠭᠠᠯᠲᠠ ᠵᠢᠴᠢ ᠭᠡᠷᠡᠴᠢ ᠲᠡᠮᠳᠡᠭ᠂ ᠫᠢᠶᠣᠣ ᠪᠠᠷᠢᠮᠲᠠ ᠠᠪᠬᠤ ᠲᠥᠷᠢᠮ ᠢ | ᠨᠠᠶᠢᠳᠠᠪᠣᠷᠢᠵᠢᠭᠤᠯᠣᠭᠰᠠᠨ ᠪᠠᠶᠢᠬᠤ ᠬᠡᠷᠡᠭᠲᠡᠶ᠂᠃ | ᠠᠷᠪᠠᠨ ᠬᠤᠶᠠᠳᠤᠭᠠᠷ ᠵᠦᠢᠯ ᠰᠤᠷᠤᠭᠴᠢᠳ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ ᠤᠨ | ᠢᠳᠡᠭᠡᠨ ᠢ ᠡᠷᠬᠡᠪᠰᠢ ᠲᠤᠬᠠᠢ ᠶᠢᠨ ᠬᠤᠭᠤᠯᠠᠨ ᠤ ᠴᠠᠭ ᠲᠤᠨᠢ ᠪᠣᠯᠪᠠᠰᠤᠷᠠᠭᠤᠯᠵᠤ᠂ ᠬᠤᠭᠤᠯᠠ ᠬᠢᠵᠦ | ᠳᠠᠭᠤᠰᠣᠭᠰᠠᠨ ᠤ ᠳᠠᠷᠠᠭ᠎ᠠ ᠢᠳᠡᠭᠡᠨ ᠢ 2 ᠴᠠᠭ ᠤᠨ ᠳᠣᠲᠣᠷ᠎ᠠ ᠢᠳᠡᠵᠦ᠂ ᠦᠯᠡᠳᠡᠭᠰᠡᠨ ᠳᠠᠬᠢᠨ ᠬᠠᠯᠠᠭᠠᠬᠤ | ᠢᠳᠡᠭᠡᠨ ᠬᠠᠩᠭᠠᠵᠤ ᠪᠣᠯᠬᠤ ᠦᠭᠡᠢ᠂ ᠴᠢᠨᠠᠵᠤ ᠪᠣᠯᠭᠤᠭᠰᠠᠨ ᠦᠭᠡᠢ ᠢᠳᠡᠭᠡᠨ ᠬᠠᠩᠭᠠᠬᠤ ᠶᠢ ᠴᠢᠩᠭ᠎ᠠ ᠴᠠᠭᠠᠵᠠᠯᠠᠬᠤ | ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠬᠤᠭᠤᠯᠠᠨ ᠤ ᠴᠠᠭ ᠪᠣᠯᠭᠠᠨ ᠤ ᠵᠦᠢᠯ ᠪᠦᠷᠢ ᠶᠢᠨ ᠢᠳᠡᠭᠡᠨ ᠢ ᠬᠠᠮᠤᠭ ᠪᠠᠭ᠎ᠠ | ᠳᠤ ᠪᠠᠨ 150 ᠭᠷᠠᠮ ᠦᠯᠡᠳᠡᠭᠡᠨ ᠦᠯᠢᠭᠡᠷ ᠶᠠᠩᠵᠣ ᠠᠪᠴᠣ᠂ ᠲᠤᠰᠬᠠᠶ ᠶᠠᠩᠵᠤ ᠦᠯᠡᠳᠡᠭᠡᠬᠦ ᠲᠥᠬᠦᠭᠡᠷᠦᠮᠵᠢ | ᠳᠣᠲᠣᠷ᠎ᠠ ᠬᠦᠢᠳᠡᠨ ᠢᠶᠠᠷ ᠬᠠᠳᠠᠭᠠᠯᠠᠬᠤ ᠭᠠᠵᠠᠷ ᠲᠤ 48 ᠴᠠᠭ ᠠᠴᠠ ᠳᠡᠭᠡᠭᠰᠢ ᠬᠠᠳᠠᠭᠠᠯᠠᠵᠤ᠂ ᠪᠠᠶᠢᠴᠠᠭᠠᠨ | ᠰᠢᠯᠭᠠᠭᠤᠯᠬᠤ ᠳᠤ ᠪᠡᠯᠡᠬᠡᠨ ᠪᠣᠯᠭᠠᠨ᠂ ᠦᠯᠢᠭᠡᠷ ᠶᠠᠩᠵᠤ ᠦᠯᠡᠳᠡᠭᠡᠬᠦ ᠳᠤ ᠬᠡᠷᠡᠭᠯᠡᠵᠦ ᠪᠠᠶᠢᠭ᠎ᠠ ᠰᠠᠪᠠ ᠶᠢ | ᠬᠡᠷᠡᠭᠯᠡᠬᠦ ᠠᠴᠠ ᠪᠠᠨ ᠡᠮᠦᠨ᠎ᠡ ᠲᠦᠢᠯᠪᠤᠷᠢᠲᠠᠶ ᠤᠭᠢᠶᠠᠨ ᠠᠷᠢᠭᠤᠳᠬᠠᠬᠤ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠬᠦᠢᠲᠡᠨ ᠵᠠᠭᠤᠰᠢ ᠬᠢᠵᠦ ᠬᠤᠳᠠᠯᠳᠣᠵᠣ ᠪᠣᠯᠬᠤ ᠦᠭᠡᠢ᠃ | ᠠᠷᠪᠠᠨ ᠲᠠᠪᠤᠳᠤᠭᠠᠷ ᠵᠦᠢᠯ ᠰᠤᠷᠤᠭᠴᠢᠳ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ ᠤᠨ | ᠡᠵᠡᠩᠨᠡᠭᠴᠢ ᠢᠳᠡᠭᠡᠨ᠂ ᠢᠳᠡᠭᠡᠨ ᠤ ᠲᠦᠭᠦᠬᠡᠢ ᠮᠠᠲ᠋ᠧᠷᠢᠶᠠᠯ᠂ ᠢᠳᠡᠭᠡᠨ ᠤ ᠨᠡᠮᠡᠯᠲᠡ ᠡᠳ᠋ ᠪᠣᠯᠣᠨ ᠢᠳᠡᠭᠡᠨ ᠲᠠᠢ | ᠬᠤᠯᠪᠣᠭᠳᠠᠬᠤ ᠦᠢᠯᠡᠳᠬᠦᠨ ᠢ ᠬᠤᠳᠠᠯᠳᠤᠨ ᠠᠪᠴᠣ ᠰᠢᠯᠭᠠᠨ ᠪᠠᠶᠢᠴᠠᠭᠠᠬᠤ ᠪᠠ ᠭᠡᠷᠡᠴᠢ ᠲᠡᠮᠳᠡᠭ᠂ ᠫᠢᠶᠣᠣ | ᠪᠠᠷᠢᠮᠲᠠ ᠠᠪᠬᠤ ᠲᠥᠷᠢᠮ ᠢ ᠪᠠᠶᠢᠭᠤᠯᠬᠤ ᠶᠢᠨ ᠬᠠᠮᠲᠤ ᠴᠢᠩᠭ᠎ᠠ ᠬᠡᠷᠡᠭᠵᠢᠭᠦᠯᠬᠦ ᠬᠡᠷᠡᠭᠲᠡᠢ᠃ | ᠰᠤᠷᠤᠭᠴᠢᠳ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ ᠤᠨ ᠡᠵᠡᠩᠨᠡᠭᠴᠢ ᠢᠳᠡᠭᠡᠨ᠂ | ᠢᠳᠡᠭᠡᠨ ᠤ ᠲᠦᠭᠦᠬᠡᠶ ᠮᠠᠲ᠋ᠧᠷᠢᠶᠠᠯ᠂ ᠢᠳᠡᠭᠡᠨ ᠤ ᠨᠡᠮᠡᠯᠲᠡ ᠡᠳ᠋ ᠪᠣᠯᠣᠨ ᠢᠳᠡᠭᠡᠨ ᠲᠠᠢ ᠬᠤᠯᠪᠣᠭᠳᠠᠬᠤ | ᠦᠢᠯᠡᠳᠬᠦᠨ ᠢ ᠬᠤᠳᠠᠯᠳᠤᠨ ᠠᠪᠴᠣ ᠲᠡᠮᠳᠡᠭᠯᠡᠬᠦ ᠳᠦᠷᠢᠮ ᠢ ᠪᠠᠶᠢᠭᠤᠯᠬᠤ ᠬᠡᠷᠡᠭᠲᠡᠢ᠃ ᠬᠤᠳᠠᠯᠳᠤᠨ ᠠᠪᠣᠭᠰᠠᠨ | ᠲᠡᠮᠳᠡᠭᠯᠡᠯ ᠨᠢ ᠦᠢᠯᠡᠳᠬᠦᠨ ᠤ ᠨᠡᠷ᠎ᠡ᠂ ᠬᠡᠪ ᠬᠡᠮᠵᠢᠶ᠎ᠡ᠂ ᠲᠤᠭ᠎ᠠ ᠬᠡᠮᠵᠢᠶ᠎ᠡ᠂ ᠦᠢᠯᠡᠳᠪᠦᠷᠢᠯᠡᠬᠦ ᠵᠥᠪᠰᠢᠶᠡᠷᠡᠯ ᠤᠨ | ᠪᠢᠴᠢᠭ ᠤᠨ ᠳ᠋ᠤᠭᠠᠷ᠂ ᠴᠢᠨᠠᠷ ᠢ ᠪᠠᠲᠤᠯᠠᠬᠤ ᠬᠤᠭᠤᠴᠠᠭ᠎ᠠ᠂ ᠪᠠᠷᠠᠭ᠎ᠠ ᠬᠠᠩᠭᠠᠭᠴᠢ ᠶᠢᠨ ᠨᠡᠷᠡᠶᠢᠳᠦᠯ ᠵᠢᠴᠢ | ᠬᠠᠷᠢᠯᠴᠠᠬᠤ ᠠᠷᠭ᠎ᠠ ᠮᠠᠶ᠋ᠢᠭ᠂ ᠪᠠᠷᠠᠭ᠎ᠠ ᠣᠷᠣᠭᠤᠯᠤᠭᠰᠠᠨ ᠡᠳᠦᠷ ᠰᠠᠷ᠎ᠠ ᠵᠡᠷᠭᠡ ᠠᠭᠤᠯᠭ᠎ᠠ ᠶᠢ ᠦᠨᠡᠨ ᠮᠥᠨ ᠢᠶᠠᠷ ᠨᠢ | ᠲᠡᠮᠳᠡᠭᠯᠡᠭᠰᠡᠨ ᠪᠠᠶᠢᠵᠤ᠂ ᠡᠰᠡᠪᠡᠯ ᠳᠡᠭᠡᠷ᠎ᠡ ᠳᠤᠷᠠᠳᠤᠭᠰᠠᠨ ᠮᠡᠳᠡᠭᠡ ᠵᠠᠩᠭᠢ ᠶᠢ ᠲᠡᠮᠳᠡᠭᠯᠡᠭᠰᠡᠨ ᠪᠠᠷᠠᠭ᠎ᠠ | ᠣᠷᠣᠭᠤᠯᠤᠭᠰᠠᠨ ᠫᠢᠶᠣᠣ ᠪᠠᠷᠢᠮᠲᠠ ᠶᠢ ᠦᠯᠡᠳᠡᠭᠡᠭᠰᠡᠨ ᠪᠠᠶᠢᠬᠤ ᠬᠡᠷᠡᠭᠲᠡᠢ᠃ | ᠰᠤᠷᠤᠭᠴᠢᠳ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ ᠤᠨ ᠡᠵᠡᠩᠨᠡᠭᠴᠢ ᠦᠢᠯᠡᠳᠬᠦᠨ ᠤ | ᠲᠦᠷᠦᠯ ᠵᠦᠢᠯ᠂ ᠪᠠᠷᠠᠭ᠎ᠠ ᠣᠷᠣᠭᠤᠯᠬᠤ ᠴᠠᠭ ᠳᠠᠷᠠᠭᠠᠯᠠᠯ ᠢᠶᠠᠷ ᠬᠤᠯᠪᠣᠭᠳᠠᠯ ᠪᠦᠬᠦᠢ ᠮᠠᠲ᠋ᠧᠷᠢᠶᠠᠯ ᠢ ᠡᠮᠬᠢ | ᠵᠢᠷᠤᠮ ᠲᠠᠢ ᠪᠠᠷ ᠡᠮᠬᠢᠯᠡᠨ᠂ ᠲᠣᠬᠢᠲᠠᠶ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠬᠦ ᠬᠡᠷᠡᠭᠲᠡᠶ᠃ ᠳᠡᠮᠳᠡᠭᠯᠡᠯ᠂ ᠫᠢᠶᠣᠣ | ᠪᠠᠷᠢᠮᠲᠠ ᠶᠢ ᠬᠠᠳᠠᠭᠠᠯᠠᠬᠤ ᠬᠤᠭᠤᠴᠠᠭ᠎ᠠ 2 ᠵᠢᠯ ᠠᠴᠠ ᠳᠣᠭᠤᠭᠰᠢ ᠪᠠᠶᠢᠯᠭᠠᠵᠤ ᠪᠣᠯᠬᠤ ᠦᠭᠡᠢ᠃ | ᠠᠷᠪᠠᠨ ᠵᠢᠷᠭᠤᠳᠤᠭᠠᠷ ᠵᠦᠢᠯ ᠰᠤᠷᠤᠭᠴᠢᠳ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ ᠤᠨ | ᠡᠵᠡᠩᠨᠡᠭᠴᠢ ᠲᠣᠬᠠᠶᠢᠯᠠᠭᠰᠠᠨ ᠠᠵᠢᠯ ᠤᠨ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠦᠷᠢᠮ ᠢ | ᠪᠠᠶᠢᠭᠤᠯᠬᠤ ᠬᠡᠷᠡᠭᠲᠡᠶ᠃ ᠲᠤᠬᠠᠶᠢᠯᠠᠭᠰᠠᠨ ᠠᠵᠢᠯ ᠤᠨ ᠬᠥᠮᠦᠰ ᠵᠢᠯ ᠪᠦᠷᠢ ᠡᠷᠡᠭᠦᠯ ᠮᠡᠨᠳᠦ ᠶᠢᠨ ᠪᠠᠶᠢᠴᠠᠭᠠᠯᠲᠠ | ᠬᠢᠯᠭᠡᠵᠦ᠂ ᠡᠷᠡᠭᠦᠯ ᠮᠡᠨᠳᠦ ᠶᠢᠨ ᠭᠡᠷᠡᠴᠢ ᠣᠯᠤᠭᠰᠠᠨ ᠤ ᠬᠤᠶᠢᠨ᠎ᠠ ᠰᠠᠶ᠋ᠢ ᠠᠵᠢᠯ ᠳᠤ ᠣᠷᠣᠵᠤ᠂ ᠥᠷᠯᠦᠭᠡ ᠶᠢᠨ | ᠪᠠᠶᠢᠴᠠᠭᠠᠯᠲᠠ ᠶᠢᠨ ᠲᠦᠷᠢᠮ ᠢ ᠴᠢᠩᠭ᠎ᠠ ᠬᠡᠷᠡᠭᠵᠢᠭᠦᠯᠬᠦ ᠶᠢᠨ ᠬᠠᠮᠲᠤ ᠲᠡᠮᠳᠡᠭᠯᠡᠯ ᠬᠢᠬᠦ ᠬᠡᠷᠡᠭᠲᠡᠶ᠃ | ᠠᠷᠪᠠᠨ ᠳᠣᠯᠣᠳᠤᠭᠠᠷ ᠵᠦᠢᠯ ᠲᠣᠬᠠᠶᠢᠯᠠᠭᠰᠠᠨ ᠠᠵᠢᠯ ᠤᠨ ᠬᠦᠮᠦᠰ ᠢᠳᠡᠭᠡᠨ ᠤ ᠠᠮᠣᠷ ᠲᠦᠪᠰᠢᠨ᠂ | ᠨᠡᠶᠢᠲᠡ ᠶᠢᠨ ᠡᠷᠡᠭᠦᠯ ᠬᠠᠮᠠᠭᠠᠯᠠᠯ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠵᠢᠴᠢ ᠭᠠᠯ | ᠰᠡᠷᠭᠡᠶᠢᠯᠡᠯᠲᠡ ᠶᠢᠨ ᠠᠮᠣᠷ ᠲᠦᠪᠰᠢᠨ ᠤ ᠲᠣᠬᠠᠢ ᠪᠣᠯᠪᠠᠰᠣᠷᠠᠭᠤᠯᠣᠯ ᠬᠦᠷᠲᠡᠭᠰᠡᠨ ᠤ ᠬᠠᠮᠲᠤ ᠦᠨᠳᠦᠰᠦᠨ ᠮᠡᠳᠡᠯᠭᠡ | ᠪᠣᠯᠤᠨ ᠪᠡᠯᠡᠳᠬᠡᠮᠵᠢ ᠲᠥᠬᠦᠭᠡᠷᠦᠮᠵᠢ ᠶᠢ ᠬᠡᠷᠡᠭᠯᠡᠬᠦ ᠠᠷᠭ᠎ᠠ ᠶᠢ ᠡᠵᠡᠮᠰᠢᠭᠰᠡᠨ ᠪᠠᠶᠢᠬᠤ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠲᠣᠬᠠᠶᠢᠯᠠᠭᠰᠠᠨ ᠠᠵᠢᠯ ᠤᠨ ᠬᠥᠮᠦᠰ ᠬᠤᠪᠢ ᠬᠥᠮᠦᠨ ᠤ ᠡᠷᠡᠭᠦᠯ ᠬᠠᠮᠠᠭᠠᠯᠠᠯ ᠢ | ᠰᠠᠶᠢᠲᠣᠷ ᠪᠠᠲᠣᠯᠠᠬᠤ ᠶᠢᠨ ᠬᠠᠮᠲᠣ ᠳᠣᠣᠷᠠᠬᠢ ᠵᠦᠢᠯᠡᠰ ᠢ ᠬᠢᠵᠦ ᠳᠡᠶᠢᠯᠬᠦ ᠬᠡᠷᠡᠭᠲᠡᠢ᠄ | ︵ᠨᠢᠭᠡ︶ ᠠᠵᠢᠯᠯᠠᠬᠤ ᠠᠴᠠ ᠡᠮᠦᠨ᠎ᠡ᠂ ᠢᠳᠡᠭᠡᠨ ᠤ ᠲᠦᠭᠦᠬᠡᠶ ᠮᠠᠲ᠋ᠧᠷᠢᠶᠠᠯ ᠢ ᠰᠢᠢᠳᠪᠦᠷᠢᠯᠡᠭᠰᠡᠨ ᠤ ᠳᠠᠷᠠᠭ᠎ᠠ | ᠂ ᠭᠠᠳᠠᠭᠠᠯᠠᠭᠰᠠᠨ ᠤ ᠳᠠᠷᠠᠭ᠎ᠠ ᠰᠠᠪᠤᠩ ᠵᠢᠴᠢ ᠣᠷᠣᠰᠬᠠᠯ ᠣᠰᠤ ᠪᠠᠷ ᠭᠠᠷ ᠢᠶᠠᠨ ᠤᠬᠢᠶᠠᠬᠤ ᠬᠡᠷᠡᠭᠲᠡᠢ︔ ᠰᠢᠭᠤᠳ | ᠢᠳᠡᠬᠦ ᠢᠳᠡᠭᠡᠨ ᠢ ᠠᠪᠬᠤ ᠠᠴᠠ ᠡᠮᠦᠨ᠎ᠡ ᠭᠠᠷ ᠢᠶᠠᠨ ᠤᠬᠢᠶᠠᠵᠤ ᠠᠷᠢᠭᠤᠳᠬᠠᠬᠤ ᠬᠡᠷᠡᠭᠲᠡᠶ᠃ | ︵ᠬᠤᠶᠠᠷ︶ ᠴᠡᠪᠡᠷ ᠠᠵᠢᠯ ᠤᠨ ᠬᠤᠪᠴᠠᠰᠤ ᠡᠮᠦᠰᠦᠨ᠂ ᠮᠠᠯᠠᠭᠠᠢ ᠵᠡᠭᠦᠬᠦ ᠪᠥᠭᠡᠳ ᠭᠡᠵᠢᠭᠡ ᠪᠠᠨ | ᠮᠠᠯᠠᠭᠠᠶ ᠶᠢᠨ ᠳᠣᠲᠣᠷ᠎ᠠ ᠣᠷᠣᠭᠤᠯᠬᠤ ᠬᠡᠷᠡᠭᠲᠡᠢ᠃ | ︵ᠭᠤᠷᠪᠠ︶ ᠤᠷᠲᠤ ᠬᠢᠮᠤᠰᠤ ᠦᠯᠡᠳᠡᠭᠡᠵᠦ᠂ ᠬᠢᠮᠤᠰᠤ ᠪᠣᠳᠣᠵᠣ᠂ ᠪᠦᠯᠡᠵᠡᠭ ᠵᠡᠭᠦᠵᠦ ᠪᠠᠶᠢᠭᠠᠳ | ᠢᠳᠡᠭᠡᠨ ᠢ ᠪᠣᠯᠪᠠᠰᠣᠷᠠᠭᠤᠯᠣᠨ ᠪᠣᠯᠭᠤᠭᠠᠵᠣ ᠪᠣᠯᠬᠤ ᠦᠭᠡᠢ᠃ | ︵ᠲᠦᠷᠪᠡ︶ ᠡᠵᠡᠩᠨᠡᠯᠲᠡ ᠶᠢᠨ ᠲᠠᠯᠠᠪᠤᠷ ᠲᠤ ᠲᠠᠮᠠᠬᠢ ᠲᠠᠲᠠᠵᠣ ᠪᠣᠯᠬᠤ ᠦᠭᠡᠢ᠃ | ︵ᠲᠠᠪᠤ︶ ᠢᠳᠡᠭᠡᠨ ᠤ ᠥᠭᠡᠳᠡ ᠨᠠᠶᠢᠲᠠᠭᠠᠬᠤ᠂ ᠬᠠᠨᠢᠶᠠᠬᠤ ᠵᠢᠴᠢ ᠢᠳᠡᠭᠡᠨ ᠤ ᠠᠮᠤᠷ ᠲᠦᠪᠰᠢᠨ ᠢ | ᠬᠠᠷᠰᠢᠯᠠᠬᠤ ᠪᠤᠰᠤᠳ ᠦᠢᠯᠡ ᠠᠵᠢᠯᠯᠠᠭ᠎ᠠ ᠪᠠᠶᠢᠵᠣ ᠪᠣᠯᠬᠤ ᠦᠭᠡᠢ᠃ | ᠠᠷᠪᠠ ᠶᠢᠰᠦᠳᠦᠭᠡᠷ ᠵᠦᠢᠯ ᠠᠯᠴᠢᠭᠤᠷ ᠵᠠᠪᠠᠯ ᠲᠡᠮᠳᠡᠭ ᠲᠠᠢ ᠪᠠᠶᠢᠵᠣ᠂ ᠬᠤᠳᠬᠤᠯᠳᠤᠭᠤᠯᠤᠨ ᠬᠡᠷᠡᠭᠯᠡᠵᠦ | ᠪᠣᠯᠬᠤ ᠦᠭᠡᠢ᠂ ᠡᠳᠦᠷ ᠪᠦᠷᠢ ᠤᠬᠢᠶᠠᠨ ᠴᠡᠪᠡᠷᠯᠡᠵᠦ᠂ ᠠᠷᠢᠭᠤᠳᠬᠠᠬᠤ ᠬᠡᠷᠡᠭᠲᠡᠢ︔ ᠣᠷᠣ ᠶᠢᠨ ᠬᠡᠷᠡᠭᠰᠡᠯ ︵ | ᠣᠷᠣ ᠶᠢᠨ ᠪᠦᠲᠡᠭᠡᠯᠭᠡ᠂ ᠬᠦᠨᠵᠢᠯᠡᠨ ᠭᠠᠳᠠᠷ᠂ ᠳᠡᠷᠡ ᠶᠢᠨ ᠠᠯᠴᠢᠭᠤᠷ︶ ᠢᠶᠠᠨ ᠭᠠᠷᠠᠭ ᠪᠦᠷᠢ ᠨᠠᠭᠠᠳᠤ ᠵᠠᠬ᠎ᠠ | ᠳᠤ ᠪᠠᠨ ᠨᠢᠭᠡ ᠤᠳᠠᠭ᠎ᠠ ᠤᠬᠢᠶᠠᠵᠤ ᠰᠣᠯᠢᠬᠤ ᠬᠡᠷᠡᠭᠲᠡᠢ᠃ ᠴᠣᠮᠣ᠂ ᠴᠢᠷᠦᠭᠦᠯ ᠱᠠᠬᠠᠶ ᠶᠢ ᠡᠳᠦᠷ ᠪᠦᠷᠢ ᠤᠬᠢᠶᠠᠨ | ᠴᠡᠪᠡᠷᠯᠡᠵᠦ ᠠᠷᠢᠭᠤᠳᠬᠠᠨ᠂ ᠠᠷᠢᠭᠤᠳᠬᠠᠭᠰᠠᠨ ᠤ ᠳᠠᠷᠠᠭᠠᠬᠢ ᠴᠣᠮᠣ ᠶᠢ ᠠᠷᠢᠭᠤᠨ ᠴᠡᠪᠡᠷ ᠪᠠᠶᠢᠯᠭᠠᠬᠤ ᠬᠤᠷᠭᠤᠨ | ᠳᠣᠲᠣᠷ᠎ᠠ ᠲᠠᠯᠪᠢᠵᠤ᠂ ᠴᠢᠷᠦᠭᠦᠯ ᠱᠠᠬᠠᠶ ᠶᠢ ᠱᠠᠬᠠᠢ ᠶᠢᠨ ᠲᠠᠯᠪᠢᠭᠤᠷ ᠳᠡᠭᠡᠷ᠎ᠡ ᠲᠠᠯᠪᠢᠬᠤ ᠬᠡᠷᠡᠭᠲᠡᠶ᠃ | ᠬᠤᠷᠢᠳᠤᠭᠠᠷ ᠵᠦᠢᠯ ᠡᠵᠡᠩᠨᠡᠯᠲᠡ ᠶᠢᠨ ᠲᠠᠯᠠᠪᠣᠷ ᠲᠤ ᠬᠡᠲᠦ ᠶᠠᠭᠠᠨ ᠬᠡᠷᠡᠯ ᠤᠨ ᠠᠷᠢᠭᠤᠳᠬᠠᠯ ᠳ᠋ᠧᠩ | ᠲᠤᠬᠢᠷᠠᠭᠤᠯᠵᠤ᠂ ᠡᠳᠦᠷ ᠪᠦᠷᠢ ᠭᠡᠷ ᠳᠣᠲᠣᠷᠠᠬᠢ ᠠᠭᠤᠷ ᠠᠮᠢᠰᠬᠤᠯ᠂ ᠡᠳ᠋ ᠪᠣᠳᠠᠰ᠂ ᠨᠣᠮ ᠪᠢᠴᠢᠭ ᠵᠡᠷᠭᠡ ᠶᠢ ᠬᠡᠲᠦ | ᠶᠠᠭᠠᠨ ᠭᠡᠷᠡᠯ ᠢᠶᠠᠷ ᠪᠠᠺᠲ᠋ᠧᠷᠢ ᠶᠢ ᠨᠢ ᠠᠯᠠᠵᠤ᠂ ᠠᠷᠢᠭᠤᠳᠬᠠᠬᠤ ᠴᠠᠭ 30 ᠮᠢᠨᠦ᠋ᠲ ᠠᠴᠠ ᠪᠠᠭ᠎ᠠ ᠪᠠᠶᠢᠵᠤ ᠪᠣᠯᠬᠤ | ᠦᠭᠡᠢ ᠪᠥᠭᠡᠳ ᠠᠷᠢᠭᠤᠳᠬᠠᠭᠰᠠᠨ ᠲᠡᠮᠳᠡᠭᠯᠡᠯ ᠪᠠᠶᠢᠬᠤ ᠬᠡᠷᠡᠭᠲᠡᠢ︔ ᠡᠳᠦᠷ ᠪᠦᠷᠢ ᠨᠠᠭᠠᠳᠤ ᠵᠠᠬ᠎ᠠ ᠨᠢ ᠬᠤᠶᠠᠷ | ᠤᠳᠠᠭ᠎ᠠ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠵᠦ᠂ ᠤᠳᠠᠭ᠎ᠠ | ᠪᠦᠷᠢ 30 ᠮᠢᠨᠦ᠋ᠲ ᠠᠴᠠ ᠪᠠᠭ᠎ᠠ ᠪᠠᠶᠢᠵᠤ ᠪᠣᠯᠬᠤ ᠦᠭᠡᠢ︔ ᠱᠠᠯᠠ᠂ ᠭᠠᠷ ᠤᠬᠢᠶᠠᠬᠤ ᠲᠠᠲᠠᠭᠠᠯ᠂ ᠪᠡᠶ᠎ᠡ ᠵᠠᠰᠠᠳᠠᠭ | ᠭᠠᠵᠠᠷ ᠢ ᠡᠳᠦᠷ ᠪᠦᠷᠢ ᠤᠬᠢᠶᠠᠵᠤ ᠠᠷᠢᠭᠤᠳᠬᠠᠬᠤ ᠬᠡᠷᠡᠭᠲᠡᠶ᠃ | ᠬᠤᠷᠢᠨ ᠨᠢᠭᠡᠳᠦᠭᠡᠷ ᠵᠦᠢᠯ ᠰᠤᠷᠤᠭᠴᠢᠳ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ ᠤᠨ | ᠡᠵᠡᠩᠨᠡᠭᠴᠢ ᠢᠳᠡᠭᠡᠨ ᠳᠤ ᠬᠤᠣᠷᠳᠠᠭᠳᠠᠬᠤ ᠪᠤᠶᠤ ᠪᠤᠰᠤᠳ ᠢᠳᠡᠭᠡᠨ ᠠᠴᠠ ᠪᠣᠯᠣᠭᠰᠠᠨ ᠡᠪᠡᠳᠴᠢᠨ ᠵᠡᠷᠭᠡ | ᠭᠡᠨᠡᠳᠲᠡ ᠡᠭᠦᠰᠦᠭᠰᠡᠨ ᠬᠡᠷᠡᠭ ᠢ ᠲᠦᠷᠭᠡᠨ ᠰᠢᠢᠳᠪᠦᠷᠢᠯᠡᠬᠦ ᠲᠣᠭᠲᠠᠴᠠ ᠶᠢ ᠪᠤᠢ ᠪᠣᠯᠭᠠᠬᠤ ᠬᠡᠷᠡᠭᠲᠡᠶ᠃ | ᠢᠳᠡᠭᠡᠨ ᠳᠤ ᠬᠤᠣᠷᠳᠠᠭᠳᠠᠭᠰᠠᠨ ᠪᠤᠶᠤ ᠢᠳᠡᠭᠡᠨ ᠳᠤ ᠬᠤᠣᠷᠳᠠᠭᠳᠠᠭᠰᠠᠨ ᠰᠡᠵᠢᠭᠯᠡᠯᠲᠡᠶ ᠬᠡᠷᠡᠭ ᠭᠠᠷᠣᠭᠰᠠᠨ ᠤ | ᠳᠠᠷᠠᠭ᠎ᠠ᠂ ᠳᠣᠣᠷᠠᠬᠢ ᠠᠷᠭ᠎ᠠ ᠬᠡᠮᠵᠢᠶ᠎ᠡ ᠶᠢ ᠠᠪᠬᠤ ᠬᠡᠷᠡᠭᠲᠡᠶ᠄ | ︵ᠨᠢᠭᠡ︶ ᠲᠡᠷᠡ ᠳᠠᠷᠤᠶ ᠳᠤᠨᠢ ᠡᠵᠡᠩᠨᠡᠯᠲᠡ ᠶᠢᠨ ᠠᠵᠢᠯᠯᠠᠭ᠎ᠠ ᠪᠠᠨ ᠵᠣᠭᠰᠣᠭᠠᠵᠤ᠂ ᠲᠤᠬᠠᠶ ᠶᠢᠨ ᠭᠠᠵᠠᠷ ᠤᠨ | ᠡᠷᠡᠭᠦᠯ ᠬᠠᠮᠠᠭᠠᠯᠠᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ | ᠮᠡᠳᠡᠭᠦᠯᠬᠦ ᠶᠢᠨ ᠬᠠᠮᠲᠣ ᠰᠤᠷᠤᠭᠴᠢ ᠶᠢᠨ ᠪᠠᠶᠢᠭ᠎ᠠ ᠰᠤᠷᠭᠠᠭᠤᠯᠢ ᠳᠤ ᠮᠡᠳᠡᠭᠳᠡᠬᠦ ᠬᠡᠷᠡᠭᠲᠡᠢ᠃ | ︵ᠬᠤᠶᠠᠷ︶ ᠡᠮᠴᠢᠯᠡᠭᠡᠨ ᠤ ᠪᠠᠶᠢᠭᠤᠯᠤᠮᠵᠢ ᠳᠤ ᠬᠠᠮᠵᠢᠨ ᠡᠪᠡᠳᠴᠢᠲᠡᠨ ᠢ ᠠᠪᠤᠷᠠᠨ ᠡᠮᠨᠡᠬᠦ ᠬᠡᠷᠡᠭᠲᠡᠢ᠃ | ︵ᠭᠤᠷᠪᠠ︶ ᠢᠳᠡᠭᠡᠨ ᠳᠤ ᠬᠤᠣᠷᠳᠠᠭᠳᠠᠭᠰᠠᠨ ᠪᠤᠶᠤ ᠢᠳᠡᠭᠡᠨ ᠤ ᠬᠤᠣᠷᠳᠠᠯᠭ᠎ᠠ ᠭᠠᠷᠭᠠᠵᠤ ᠮᠡᠳᠡᠬᠦ ᠢᠳᠡᠭᠡᠨ | ᠪᠣᠯᠤᠨ ᠲᠦᠭᠦᠬᠡᠶ ᠮᠠᠲ᠋ᠧᠷᠢᠶᠠᠯ᠂ ᠪᠠᠭᠠᠵᠢ ᠬᠡᠷᠡᠭᠰᠡᠯ᠂ ᠪᠡᠯᠡᠳᠬᠡᠮᠵᠢ ᠶᠢ ᠰᠠᠶᠢᠲᠣᠷ ᠦᠯᠡᠳᠡᠭᠡᠬᠦ ᠶᠢᠨ ᠬᠠᠮᠲᠣ | ᠬᠡᠷᠡᠭ ᠤᠨ ᠳᠠᠯᠠᠪᠠᠢ ᠶᠢ ᠰᠠᠶᠢᠲᠤᠷ ᠬᠠᠮᠠᠭᠠᠯᠠᠬᠤ ᠬᠡᠷᠡᠭᠲᠡᠶ᠃ | ︵ᠲᠦᠷᠪᠡ︶ ᠡᠷᠡᠭᠦᠯ ᠬᠠᠮᠠᠭᠠᠯᠠᠯ ᠤᠨ ᠰᠠᠯᠠᠭ᠎ᠠ ᠮᠦᠴᠢᠷ ᠤᠨ ᠪᠠᠶᠢᠴᠠᠭᠠᠯᠲᠠ ᠳᠤ ᠬᠠᠮᠵᠢᠨ᠂ ᠬᠠᠮᠢᠶ᠎ᠠ ᠪᠦᠬᠦᠢ | ᠮᠠᠲ᠋ᠧᠷᠢᠶᠠᠯ ᠪᠠ ᠤᠢᠯᠢᠭᠡᠷ ᠶᠠᠩᠵᠤ ᠪᠠᠨ ᠦᠨᠡᠨ ᠮᠥᠨ ᠢᠶᠠᠷ ᠨᠢ ᠬᠠᠩᠭᠠᠬᠤ ᠶᠢᠨ ᠬᠠᠮᠲᠣ ᠢᠳᠡᠪᠬᠢᠲᠡᠶ ᠪᠠᠷ | ᠲᠣᠬᠢᠷᠠᠯᠴᠠᠭᠰᠠᠨ ᠠᠷᠭ᠎ᠠ ᠬᠡᠮᠵᠢᠶ᠎ᠡ ᠠᠪᠬᠤ ᠬᠡᠷᠡᠭᠲᠡᠶ᠃ | ᠬᠤᠷᠢᠨ ᠬᠤᠶᠠᠳᠤᠭᠠᠷ ᠵᠦᠢᠯ ᠰᠤᠷᠤᠭᠴᠢᠳ ᠲᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ ᠤᠨ | ᠡᠵᠡᠩᠨᠡᠭᠴᠢ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠢ ᠣᠯᠵᠤ ᠮᠡᠳᠡᠭᠰᠡᠨ ᠪᠠᠶᠢᠪᠠᠯ᠂ ᠲᠡᠷᠡ ᠳᠠᠷᠤᠶ ᠳᠤᠨᠢ | ᠪᠠᠶᠢᠭ᠎ᠠ ᠭᠠᠵᠠᠷ ᠤᠨ ᠢᠶᠠᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠳᠤ ᠮᠡᠳᠡᠭᠦᠯᠬᠦ | ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠰᠤᠷᠤᠯᠭ᠎ᠠ ᠶᠢᠨ ᠬᠤᠭᠤᠴᠠᠭ᠎ᠠ ᠪᠣᠯᠭᠠᠨ ᠡᠬᠢᠯᠡᠬᠦ ᠠᠴᠠ ᠡᠮᠦᠨ᠎ᠡ᠂ ᠢᠳᠡᠭᠡᠨ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠷᠡᠭᠦᠯ ᠬᠠᠮᠠᠭᠠᠯᠠᠯ᠂ ᠭᠠᠯ | ᠰᠡᠷᠭᠡᠶᠢᠯᠡᠯᠲᠡ᠂ ᠬᠤᠳᠠ ᠶᠢᠨ ᠬᠠᠮᠢᠶᠠᠷᠤᠯᠲᠠ᠂ ᠦᠢᠯᠡᠳᠪᠦᠷᠢ ᠬᠤᠳᠠᠯᠳᠤᠭᠠᠨ ᠤ ᠬᠢᠨ ᠢ ᠵᠣᠬᠢᠶᠠᠨ ᠪᠠᠶᠢᠭᠤᠯᠵᠣ᠂ | ᠰᠢᠨ᠎ᠡ ᠪᠠᠷ ᠪᠠᠶᠢᠭᠤᠯᠤᠭᠰᠠᠨ ᠪᠠ ᠨᠢᠭᠡᠨᠲᠡ ᠳᠠᠩᠰᠠᠯᠠᠭᠤᠯᠤᠭᠰᠠᠨ ᠰᠤᠷᠤᠭᠴᠢᠳ ᠲᠤ ᠵᠣᠷᠢᠭᠤᠯᠤᠭᠰᠠᠨ ᠠᠮᠠᠷᠠᠵᠤ | ᠬᠤᠭᠤᠯᠠᠯᠠᠬᠤ ᠭᠠᠵᠠᠷ ᠤᠨ ᠡᠵᠡᠩᠨᠡᠭᠴᠢ ᠵᠢᠴᠢ ᠡᠵᠡᠩᠨᠡᠯᠲᠡ ᠶᠢᠨ ᠭᠠᠵᠠᠷ ᠤᠳ ᠢ ᠬᠠᠮᠲᠤᠷᠠᠨ ᠲᠤᠬᠠᠶ ᠶᠢᠨ | ᠭᠠᠵᠠᠷ ᠲᠤᠨᠢ ᠬᠢᠨᠠᠨ ᠪᠠᠶᠢᠴᠠᠭᠠᠵᠣ᠂ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠬᠦ ᠦᠭᠡᠢ ᠨᠢ ᠡᠵᠡᠩᠨᠡᠵᠦ ᠪᠣᠯᠬᠤ | ᠦᠭᠡᠢ᠂ ᠣᠯᠵᠤ ᠮᠡᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠡᠵᠡᠩᠨᠡᠬᠦ ᠠᠵᠢᠯᠯᠠᠭ᠎ᠠ ᠶᠢ ᠵᠣᠬᠢᠬᠤ ᠬᠠᠤᠯᠢ | ᠴᠠᠭᠠᠵᠠ ᠬᠠᠤᠯᠢ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠢᠶᠠᠷ ᠰᠢᠢᠳᠪᠦᠷᠢᠯᠡᠨ᠎ᠡ︔ ᠶᠠᠯ᠎ᠠ ᠬᠢᠭᠰᠡᠨ ᠰᠡᠵᠢᠭᠯᠡᠯᠲᠡᠶ | ᠪᠠᠶᠢᠪᠠᠯ᠂ ᠴᠠᠭ ᠲᠤᠬᠠᠶ ᠳᠤᠨᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠬᠦ | ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠤ 30 ᠡᠳᠦᠷ ᠤᠨ ᠳᠠᠷᠠᠭ᠎ᠠ ᠠᠴᠠ | ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 2 ᠵᠢᠯ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ | ᠨᠢᠭᠡᠳᠦᠯᠲᠡᠶ ᠳ᠋ᠤᠭᠠᠷ᠄ ZG-2018-27᠃ |