ᠦᠴᠦᠸᠠᠨ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠰᠢᠶᠠᠩ ᠪᠠᠯᠭᠠᠰᠤᠨ ᠳᠤ ᠭᠦᠨᠵᠡᠭᠡᠶᠢᠷᠡᠵᠤ ᠬᠠᠷ᠎ᠠ ᠪᠥᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2019-02-15
     ᠬᠠᠷ᠎ᠠ ᠪᠥᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ ᠥᠷᠨᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠪᠥᠬᠦ ᠠᠷᠠᠳ ᠣᠷᠤᠯᠴᠠᠭᠰᠠᠨ ᠪᠠ ᠪᠥᠬᠦ ᠠᠷᠠᠳ ᠬᠦᠳᠡᠯᠦᠯᠴᠡᠭᠰᠡᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠥᠯᠦᠭᠡ᠂ ᠥᠪᠡᠷᠲᠡᠭᠡᠨ ᠵᠠᠰᠠᠬᠤ ᠣᠷᠤᠨ ᠤ ᠠᠷᠠᠳ ᠤᠨ ᠪᠠᠶᠢᠴᠠᠭᠠᠬᠤ ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠵᠢᠴᠢ ᠮᠠᠨ ᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠶᠢ ᠦᠨᠳᠦᠰᠦᠯᠡᠵᠤ᠂ ᠦᠴᠦᠸᠠᠨ ᠰᠢᠶᠠᠨ ᠤ ᠪᠠᠶᠢᠴᠠᠭᠠᠬᠤ ᠬᠤᠷᠢᠶ᠎ᠠ ᠶᠢᠨ ᠬᠠᠷ᠎ᠠ ᠪᠥᠯᠦᠭᠲᠡᠨ ᠬᠠᠷᠬᠢᠰ ᠬᠦᠴᠦᠨ ᠢ ᠠᠷᠢᠯᠭᠠᠬᠤ ᠤᠬᠠᠭᠤᠯᠤᠨ ᠲᠠᠶᠢᠯᠪᠤᠷᠢᠯᠠᠬᠤ ᠪᠥᠯᠬᠦᠮ 2019 ᠣᠨ ᠤ 1 ᠳ᠋ᠦ᠋ᠭᠡᠷ ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ ᠦᠴᠦᠸᠠᠨ ᠰᠢᠶᠠᠨ ᠤ ᠡᠯ ᠹᠧᠨ ᠽᠢ ᠰᠢᠶᠠᠩ ᠳᠤ ᠭᠦᠨᠵᠡᠭᠡᠶᠢᠷᠡᠵᠦ ᠡᠯ ᠹᠧᠨ ᠽᠢ ᠰᠢᠶᠠᠩ ᠤᠨ ᠬᠡᠰᠡᠭ ᠲᠤᠰᠬᠤᠨ ᠤ ᠠᠷᠠᠳ ᠤᠨ ᠲᠥᠯᠦᠭᠡᠯᠡᠭᠴᠢ ᠳᠤ《 ᠪᠠᠶᠢᠴᠠᠭᠠᠬᠤ ᠴᠢᠳᠠᠪᠤᠷᠢ ᠪᠠᠨ ᠪᠠᠳᠠᠷᠠᠭᠤᠯᠵᠤ  ᠬᠠᠷ᠎ᠠ ᠪᠥᠯᠦᠭᠲᠡᠨ ᠬᠠᠷᠬᠢᠰ ᠬᠦᠴᠦᠨ ᠤ ᠶᠠᠯᠠᠲᠤ ᠠᠵᠢᠯᠯᠠᠭ᠎ᠠ ᠶᠢ ᠴᠢᠩᠭ᠎ᠠ ᠰᠢᠢᠳᠬᠡᠬᠦ》 ᠪᠠᠷ ᠭᠤᠣᠯ ᠰᠡᠳᠦᠪ ᠪᠤᠯᠭᠠᠭᠰᠠᠨ ᠲᠠᠶᠢᠯᠤᠮᠵᠢ ᠥᠷᠨᠢᠭᠦᠯᠪᠡ᠃      ᠦᠴᠦᠸᠠᠨ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ᠂ ᠡᠯ ᠹᠧᠨ ᠽᠢ ᠰᠢᠶᠠᠩ ᠵᠡᠷᠭᠡ ᠬᠤᠯᠪᠤᠭᠳᠠᠯ ᠪᠥᠬᠦᠢ ᠠᠵᠢᠯᠲᠠᠳ ᠲᠤᠰ ᠤᠳᠠᠭᠠᠨ ᠤ ᠲᠠᠶᠢᠯᠤᠮᠵᠢ ᠳᠤ ᠣᠷᠤᠯᠴᠠᠪᠠ᠃      ᠦᠴᠦᠸᠠᠨ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠠᠷ᠎ᠠ ᠪᠥᠯᠦᠭᠲᠡᠨ ᠬᠠᠷᠬᠢᠰ ᠬᠦᠴᠦᠨ ᠢ ᠠᠷᠢᠯᠭᠠᠬᠤ ᠤᠬᠠᠭᠤᠯᠤᠨ ᠲᠠᠶᠢᠯᠪᠤᠷᠢᠯᠠᠬᠤ ᠪᠥᠯᠬᠦᠮ ᠤᠨ ᠭᠡᠰᠢᠭᠦᠳ ᠬᠠᠷ᠎ᠠ ᠪᠥᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠤᠭᠳᠠᠯ᠂ ᠬᠠᠷ᠎ᠠ ᠪᠥᠯᠦᠭᠲᠡᠨ  ᠬᠠᠷᠬᠢᠰ ᠬᠦᠴᠦᠨ ᠢ ᠠᠷᠢᠯᠭᠠᠬᠤ ᠬᠠᠤᠯᠢ ᠴᠠᠭᠠᠵᠠ ᠳᠦᠷᠢᠮ ᠲᠣᠭᠲᠠᠭᠠᠯ᠂ ᠪᠠᠶᠢᠴᠠᠭᠠᠬᠤ ᠪᠠᠶᠢᠭᠤᠯᠭ᠎ᠠ ᠶᠢᠨ ᠬᠠᠷ᠎ᠠ ᠪᠥᠯᠦᠭᠲᠡᠨ ᠬᠠᠷᠬᠢᠰ ᠬᠦᠴᠦᠨ ᠢ ᠥᠷᠨᠢᠭᠦᠯᠬᠦ ᠦᠨᠳᠦᠰᠦᠨ ᠪᠠᠶᠢᠳᠠᠯ ᠵᠡᠷᠭᠡ ᠲᠠᠯ᠎ᠠ ᠪᠠᠷ ᠨᠠᠷᠢᠯᠢᠭ ᠦᠭᠦᠯᠡᠯᠲᠡ ᠪᠠ ᠲᠠᠶᠢᠯᠤᠮᠵᠢ ᠬᠢᠪᠡ᠃      ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠳᠠᠮᠵᠢᠭᠠᠳ ᠬᠠᠷ᠎ᠠ ᠪᠥᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠦᠨᠳᠦᠰᠦᠨ ᠱᠠᠲᠤᠨ ᠳᠤ ᠭᠦᠨᠵᠡᠭᠡᠶᠢᠷᠡᠬᠦ᠂ ᠡᠯ᠎ᠡ ᠱᠠᠲᠤᠨ ᠤ ᠬᠢᠨ ᠬᠠᠮᠲᠤ ᠪᠠᠷ ᠬᠦᠳᠡᠯᠦᠯᠴᠡᠵᠤ᠂ ᠪᠥᠬᠦ ᠠᠷᠠᠳ ᠢᠶᠠᠷ ᠢᠶᠠᠨ ᠣᠷᠤᠯᠴᠠᠭᠰᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠬᠤ ᠳᠤ ᠬᠦᠴᠦᠲᠠᠢ ᠰᠠᠭᠤᠷᠢ ᠶᠢ ᠲᠠᠯᠪᠢᠪᠠ᠃ ᠬᠤᠶᠢᠰᠢᠲᠠ ᠶᠢᠨ ᠠᠵᠢᠯ ᠤᠨ ᠳᠤᠮᠳᠠ ᠪᠠᠨ᠂ ᠦᠴᠦᠸᠠᠨ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠰᠢᠢᠳᠬᠡᠬᠦ ᠪᠣᠯᠤᠨ ᠰᠡᠷᠭᠡᠶᠢᠯᠡᠬᠦ  ᠶᠢ ᠬᠠᠮᠲᠤ ᠠᠳᠬᠤᠬᠤ ᠠᠵᠢᠯ ᠤᠨ ᠵᠠᠷᠴᠢᠮ ᠢ ᠪᠠᠷᠢᠮᠲᠠᠯᠠᠵᠤ᠂ ᠮᠠᠨ ᠤ ᠰᠢᠶᠠᠨ ᠤ ᠨᠡᠶᠢᠭᠡᠮ ᠠᠵᠤ ᠠᠬᠤᠢ ᠶᠢᠨ ᠬᠥᠭᠵᠢᠯᠲᠡ ᠳᠤ ᠬᠦᠴᠦᠲᠠᠢ ᠨᠡᠶᠢᠭᠡᠮ ᠤᠨ ᠪᠠᠲᠤᠯᠠᠭ᠎ᠠ ᠬᠠᠩᠭᠠᠬᠤ ᠪᠠᠷ ᠴᠢᠷᠮᠠᠶᠢᠬᠤ ᠪᠣᠯᠤᠨ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号