| | | | | | | | ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠳᠡᠳᠬᠦᠨ ᠨᠡᠭᠡᠭᠡᠨ ᠬᠦᠭᠵᠢᠭᠦᠯᠬᠦ ᠦᠵᠡᠯ ᠰᠠᠨᠠᠭ᠎ᠠ | ᠪᠣᠯᠣᠨ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠣᠯᠬᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠣᠯᠲᠠ ᠶᠢ ᠭᠦᠨᠵᠡᠭᠡᠢ ᠲᠣᠭᠤᠰᠢᠯᠠᠭᠤᠯᠣᠨ ᠨᠠᠶᠢᠳᠠᠪᠣᠷᠢᠵᠢᠭᠤᠯᠵᠣ | ᠂ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ ᠲᠣᠰᠬᠠᠢ ᠲᠣᠭᠤᠷᠢᠨ ᠪᠠᠶᠢᠴᠠᠭᠠᠯᠲᠠ ᠶᠢᠨ | ᠳᠣᠰᠬᠠᠭᠰᠠᠨ ᠰᠠᠨᠠᠯ ᠢ ᠲᠦᠷᠭᠡᠳᠬᠡᠨ ᠨᠠᠶᠢᠳᠠᠪᠣᠷᠢᠵᠢᠭᠤᠯᠵᠣ᠂ ᠲᠣᠰᠬᠤᠨ ᠳᠤ ᠰᠠᠭᠤᠭ᠎ᠠ ᠶᠠᠳᠠᠭᠤ ᠶᠢ ᠬᠠᠪᠰᠣᠷᠣᠨ | ᠳᠡᠳᠬᠦᠬᠦ ᠺᠠᠳ᠋ᠷ ᠪᠣᠯᠣᠨ ᠰᠢᠶᠠᠩ ᠲᠣᠰᠬᠤᠨ ᠬᠤᠶᠠᠷ ᠱᠠᠲᠣᠨ ᠤ ᠺᠠᠳ᠋ᠷᠴᠤᠳ ᠤᠨ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠣᠯᠬᠤ ᠴᠢᠳᠠᠪᠣᠷᠢ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠣᠰᠠᠳᠠ᠂2 ᠳ᠋ᠤᠭᠠᠷ | ᠰᠠᠷ᠎ᠠ ᠶᠢᠨ14 ᠤ ᠡᠳᠦᠷ ᠤᠨ ᠦᠳᠡ ᠶᠢᠨ ᠡᠮᠦᠨ᠎ᠡ᠂ ᠬᠤᠷᠢᠨᠭᠡᠷ ᠰᠢᠶᠠᠨ ᠤ ᠨᠠᠮ ᠤᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠬᠡᠯᠲᠡᠰ ᠨᠢ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠰᠣᠷᠭᠠᠭᠤᠯᠢ ᠪᠣᠯᠣᠨ ᠰᠢᠶᠠᠨ ᠤ ᠶᠠᠳᠠᠭᠤ ᠶᠢ | ᠳᠡᠳᠬᠦᠬᠦ ᠠᠯᠪᠠᠨ ᠭᠡᠷ ᠯᠤᠭ᠎ᠠ ᠬᠠᠮᠲᠣᠷᠠᠯᠴᠠᠨ ᠪᠦᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠨᠢᠭᠡᠳᠦᠭᠡᠷ | ᠹᠷᠣᠨᠲ ᠤᠨ ᠺᠠᠳ᠋ᠷᠴᠤᠳ ᠤᠨ ᠪᠣᠯᠪᠠᠰᠣᠷᠠᠭᠤᠯᠣᠯ ᠤᠨ ᠠᠩᠭᠢ ᠶᠢ ᠡᠷᠬᠢᠯᠡᠭᠰᠡᠨ ᠪᠠᠶᠢᠨ᠎ᠠ᠃ ᠰᠢᠶᠠᠨ ᠤ ᠨᠠᠮ ᠤᠨ | ᠬᠤᠷᠢᠶ᠎ᠠ ᠶᠢᠨ ᠳᠡᠳ᠋ ᠱᠦᠵᠢ ᠨᠠᠨ ᠨᠠᠨ᠂ ᠰᠢᠶᠠᠨ ᠤ ᠳᠡᠳ᠋ ᠳᠠᠷᠤᠭ᠎ᠠ ᠭᠦᠸᠧ ᠸᠧᠨ ᠵᠢᠶᠦ᠋ᠨ ᠠᠩᠭᠢ ᠡᠬᠢᠯᠡᠬᠦ | ᠶᠣᠰᠣᠯᠠᠯ ᠳᠤ ᠣᠷᠣᠯᠴᠠᠪᠠ᠃ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ | ᠳᠠᠷᠤᠭ᠎ᠠ ᠯᠢ ᠵᠧᠩ ᠾᠦᠩ ᠪᠣᠯᠪᠠᠰᠣᠷᠠᠭᠤᠯᠣᠯ ᠤᠨ ᠠᠩᠭᠢ ᠶᠢᠨ ᠠᠩᠭᠢ ᠡᠬᠢᠯᠡᠬᠦ ᠬᠤᠷᠠᠯ ᠢ ᠡᠷᠬᠢᠯᠡᠨ | ᠶᠠᠪᠣᠭᠳᠠᠭᠤᠯᠪᠠ᠃ | ᠠᠩᠭᠢ ᠡᠬᠢᠯᠡᠬᠦ ᠶᠣᠰᠣᠯᠠᠯ ᠳᠡᠭᠡᠷ᠎ᠡ᠂ ᠨᠠᠨ ᠨᠠᠨ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠣᠯᠬᠤ ᠠᠵᠢᠯ ᠢ ᠬᠡᠷᠬᠢᠨ ᠬᠢᠬᠦ ᠲᠣᠬᠠᠢ ᠱᠠᠭᠠᠷᠳᠠᠯᠭ᠎ᠠ ᠳᠣᠷᠠᠳᠣᠭᠰᠠᠨ ᠪᠠᠶᠢᠨ᠎ᠠ᠂ ᠨᠢᠭᠡ ᠳᠤ᠂ ᠣᠯᠣᠰ | ᠲᠦᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠶᠢᠨ ᠬᠦᠲᠦᠯᠦᠨ ᠵᠢᠯᠣᠭᠤᠳᠬᠤ ᠶᠢ | ᠴᠢᠩᠭᠠᠳᠬᠠᠨ᠂ ᠶᠠᠳᠠᠭᠤ ᠶᠢ ᠳᠡᠳᠬᠦᠬᠦ ᠠᠵᠢᠯ ᠢ ᠰᠠᠶᠢᠲᠣᠷ ᠬᠢᠬᠦ ᠬᠠᠷᠢᠭᠤᠴᠠᠯᠭᠠᠲᠣ ᠰᠡᠳᠬᠢᠯᠭᠡ᠂ ᠡᠭᠦᠷᠭᠡᠲᠦ | ᠰᠡᠳᠬᠢᠯᠭᠡ᠂ ᠪᠠᠴᠢᠮ ᠲᠣᠯᠭᠠᠮ᠎ᠠ ᠰᠡᠳᠬᠢᠯᠭᠡ ᠪᠠᠨ ᠦᠨᠡᠨᠬᠦ ᠨᠡᠮᠡᠭᠳᠡᠭᠦᠯᠬᠦ ᠬᠡᠷᠡᠭᠲᠡᠢ᠃ ᠬᠤᠶᠠᠷ ᠲᠤ᠂ ᠵᠣᠷᠢᠭᠲᠠᠢ | ᠡᠭᠦᠷᠭᠡᠯᠡᠨ ᠬᠠᠷᠢᠭᠤᠴᠠᠯᠭ᠎ᠠ ᠶᠢ ᠪᠣᠲᠠᠲᠠᠶᠢᠵᠢᠭᠤᠯᠵᠣ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ | ᠠᠵᠢᠯ ᠨᠠᠷᠢᠯᠢᠭ ᠣᠨᠣᠪᠴᠢᠲᠠᠢ ᠨᠠᠶᠢᠳᠠᠪᠣᠷᠢᠵᠢᠭᠤᠯᠣᠭᠳᠠᠬᠤ ᠶᠢ ᠪᠠᠲᠣᠯᠠᠬᠤ ᠬᠡᠷᠡᠭᠲᠡᠢ᠃ ᠭᠤᠷᠪᠠ ᠳᠤ᠂ | ᠰᠣᠷᠣᠯᠴᠠᠯᠭ᠎ᠠ ᠪᠠᠨ ᠴᠢᠩᠭᠠᠳᠬᠠᠵᠣ᠂ ᠰᠠᠬᠢᠯᠭ᠎ᠠ ᠪᠠᠲᠣ ᠶᠢ ᠴᠢᠩᠭ᠎ᠠ ᠪᠠᠶᠢᠯᠭᠠᠵᠣ᠂ ᠪᠣᠯᠪᠠᠰᠣᠷᠠᠭᠤᠯᠣᠯ ᠤᠨ ᠴᠢᠨᠠᠷ | ᠴᠢᠨᠰᠠᠭ᠎ᠠ ᠪᠣᠯᠣᠨ ᠦᠷ᠎ᠡ ᠪᠦᠲᠦᠮᠵᠢ ᠶᠢ ᠪᠠᠲᠣᠯᠠᠬᠤ ᠬᠡᠷᠡᠭᠲᠡᠢ ᠭᠡᠵᠡᠢ᠃ | ᠪᠣᠯᠪᠠᠰᠣᠷᠠᠭᠤᠯᠣᠯ ᠡᠬᠢᠯᠡᠬᠦ ᠬᠤᠷᠠᠯ ᠳᠡᠭᠡᠷ᠎ᠡ᠂ ᠯᠢ ᠵᠧᠩ ᠾᠦᠩ ᠪᠣᠯᠪᠠᠰᠣᠷᠠᠭᠤᠯᠣᠯ ᠳᠤ ᠣᠷᠣᠯᠴᠠᠭᠰᠠᠨ | ᠬᠦᠮᠦᠰ ᠢ ᠲᠣᠰ ᠤᠳᠠᠭᠠᠨ ᠤ ᠰᠤᠷᠤᠯᠴᠠᠬᠤ ᠲᠤᠬᠢᠶᠠᠯ ᠢ ᠨᠠᠨᠳᠢᠩᠨᠠᠵᠣ᠂ ᠪᠣᠯᠪᠠᠰᠣᠷᠠᠭᠤᠯᠣᠯ ᠠᠴᠠ ᠬᠦᠷᠲᠡᠭᠰᠡᠨ | ᠣᠯᠣᠯᠲᠠ ᠪᠠᠨ ᠨᠠᠷᠢᠨ ᠬᠢᠨᠠᠮᠠᠭᠠᠢ ᠬᠤᠷᠢᠶᠠᠩᠭᠤᠶᠢᠯᠠᠨ ᠡᠮᠬᠢᠯᠡᠵᠦ᠂ ᠳᠡᠭᠡᠳᠦ ᠱᠠᠲᠣᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠣᠯᠬᠤ ᠪᠠᠶᠢᠷᠢᠯᠠᠭᠤᠯᠣᠯᠲᠠ ᠱᠠᠭᠠᠷᠳᠠᠯᠭ᠎ᠠ ᠶᠢ ᠰᠣᠷᠣᠯᠴᠠᠬᠤ ᠶᠢᠨ ᠬᠠᠮᠲᠣ ᠲᠣᠰ | ᠪᠡᠶ᠎ᠡ ᠶᠢᠨ ᠪᠣᠲᠠᠲᠠᠢ ᠲᠠᠢ ᠣᠶᠠᠯᠳᠣᠭᠤᠯᠵᠣ᠂ ᠪᠣᠯᠪᠠᠰᠣᠷᠠᠭᠤᠯᠣᠯ ᠳᠡᠭᠡᠷᠡᠬᠢ ᠦᠷ᠎ᠡ ᠪᠦᠲᠦᠭᠡᠯ ᠢ ᠬᠡᠷᠡᠭᠯᠡᠵᠦ | ᠠᠵᠢᠯ ᠤᠨ ᠦᠷ᠎ᠡ ᠪᠦᠲᠦᠮᠵᠢ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠡᠢ᠃ ᠭᠦᠸᠧ ᠸᠧᠨ ᠵᠢᠶᠦ᠋ᠨ ᠲᠥᠪ᠂ | ᠥᠪᠡᠷᠲᠡᠭᠡᠨ ᠵᠠᠰᠠᠬᠤ ᠣᠷᠣᠨ᠂ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠣᠯᠲᠠ ᠵᠢᠴᠢ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠣᠯᠬᠤ ᠲᠣᠰᠬᠠᠢ ᠲᠣᠭᠤᠷᠢᠨ ᠪᠠᠶᠢᠴᠠᠭᠠᠯᠲᠠ ᠶᠢᠨ ᠳᠣᠰᠬᠠᠭᠰᠠᠨ ᠰᠠᠨᠠᠯ ᠢ ᠦᠨᠳᠦᠰᠦᠯᠡᠵᠦ᠂ ᠬᠤᠷᠢᠨᠭᠡᠷ | ᠰᠢᠶᠠᠨ ᠤ ᠪᠣᠲᠠᠳᠠᠢ ᠲᠠᠢ ᠣᠶᠠᠯᠳᠣᠭᠤᠯᠵᠣ᠂ ᠪᠦᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠣᠯᠬᠤ ᠠᠵᠢᠯ ᠨᠢ ᠣᠳᠣᠬᠠᠨ ᠳᠤ ᠶᠠᠭᠤ ᠬᠢᠬᠦ᠂ ᠡᠭᠦᠨ ᠠᠴᠠ ᠬᠤᠶᠢᠰᠢ ᠬᠡᠷᠬᠢᠨ ᠬᠢᠬᠦ ᠲᠣᠬᠠᠢ ᠪᠣᠲᠠᠲᠠᠢ | ᠪᠠᠶᠢᠷᠢᠯᠠᠭᠤᠯᠣᠯᠲᠠ ᠬᠢᠭᠡᠳ ᠨᠠᠷᠢᠯᠢᠭ ᠵᠢᠯᠣᠭᠤᠳᠣᠯᠭ᠎ᠠ ᠬᠢᠭᠰᠡᠨ ᠪᠠᠶᠢᠨ᠎ᠠ᠃ | ᠲᠣᠰ ᠤᠳᠠᠭᠠᠨ ᠤ ᠪᠣᠯᠪᠠᠰᠣᠷᠠᠭᠤᠯᠣᠯ ᠳᠤ᠂ ᠬᠤᠲᠠ ᠶᠢᠨ ᠶᠠᠳᠠᠭᠤ ᠶᠢ ᠳᠡᠳᠬᠦᠬᠦ ᠠᠯᠪᠠᠨ ᠭᠡᠷ ᠤᠨ ᠶᠣᠣ | ᠵᠧᠨ ᠢ ᠤᠷᠢᠵᠤ ᠶᠡᠷᠦᠩᠬᠡᠢ ᠱᠦᠵᠢ ᠰᠢ ᠶᠢᠨ ᠫᠢᠩ ᠤᠨ ᠳᠦᠷᠪᠡᠨ ᠵᠢᠯ ᠤᠨ ᠲᠠᠪᠤ ᠣᠳᠠᠭᠠᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠣᠯᠬᠤ ᠰᠢᠷᠢᠰ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠵᠢᠴᠢ ᠠᠷᠪᠠᠨ | ᠭᠤᠷᠪᠠᠳᠣᠭᠠᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠨᠢᠭᠡᠳᠦᠭᠡᠷ ᠣᠳᠠᠭᠠᠨ ᠤ ᠬᠤᠷᠠᠯ ᠤᠨ ᠥᠪᠥᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠶᠠᠷᠢᠯᠴᠠᠬᠤ | ᠦᠶᠡᠰ ᠤᠨ ᠪᠣᠯᠣᠨ ᠥᠪᠡᠷᠲᠡᠭᠡᠨ ᠵᠠᠰᠠᠬᠤ ᠣᠷᠣᠨ ᠳᠤ ᠶᠠᠪᠣᠭᠤᠯᠣᠭᠰᠠᠨ ︽ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠣᠯᠬᠤ ᠶᠢ ᠯᠠᠪᠳᠠᠭᠤᠨ ᠠᠬᠢᠭᠤᠯᠬᠤ︾ ᠴᠢᠬᠤᠯᠠ ᠵᠢᠭᠠᠪᠣᠷᠢ ᠶᠢᠨ ᠵᠣᠷᠢᠭ ᠰᠠᠨᠠᠭ᠎ᠠ ᠳᠤ ᠲᠤᠰᠬᠠᠢ | ᠲᠠᠶᠢᠯᠣᠮᠵᠢ ᠬᠢᠬᠦ ᠶᠢᠨ ᠬᠠᠮᠲᠣ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ ᠪᠣᠲᠠᠲᠠᠢ ᠠᠵᠢᠯ ᠳᠤ | ᠵᠢᠯᠣᠭᠤᠳᠣᠯᠭ᠎ᠠ ᠬᠢᠭᠰᠡᠨ ᠪᠠᠶᠢᠨ᠎ᠠ᠃ | ᠲᠣᠰ ᠤᠳᠠᠭᠠᠨ ᠤ ᠪᠣᠯᠪᠠᠰᠣᠷᠠᠭᠤᠯᠣᠯ ᠨᠢ ᠭᠤᠣᠯ ᠬᠤᠷᠠᠯ ᠤᠨ ᠲᠠᠯᠠᠪᠣᠷ ᠪᠣᠯᠣᠨ ᠬᠤᠪᠢᠶᠠᠷᠢ ᠬᠤᠷᠠᠯ ᠤᠨ | ᠲᠠᠯᠠᠪᠣᠷ ᠬᠤᠪᠢᠶᠠᠵᠣ᠂ ᠪᠣᠯᠪᠠᠰᠣᠷᠠᠭᠤᠯᠣᠯ ᠤᠨ ᠪᠦᠬᠦᠨ ᠢᠶᠠᠷ ᠪᠦᠷᠬᠦᠭᠦᠯᠬᠦ ᠶᠢ ᠪᠡᠶᠡᠯᠡᠭᠦᠯᠪᠡ᠃ ᠭᠤᠣᠯ ᠬᠤᠷᠠᠯ ᠤᠨ | ᠲᠠᠯᠠᠪᠣᠷ ᠲᠤ᠂ ᠡᠯ᠎ᠡ ᠰᠢᠶᠠᠩ ᠪᠠᠯᠭᠠᠰᠣᠨ ︵ᠠᠵᠣ ᠠᠬᠤᠢ ᠶᠢᠨ ᠨᠡᠭᠡᠭᠡᠯᠲᠡ ᠶᠢᠨ ᠲᠣᠭᠤᠷᠢᠭ︶ ᠤ ᠨᠠᠮ ᠵᠠᠰᠠᠭ ᠤᠨ | ᠭᠤᠣᠯ ᠣᠳᠣᠷᠢᠳᠣᠯᠭ᠎ᠠ᠂ ᠬᠤᠪᠢᠳᠠᠨ ᠬᠠᠮᠢᠶᠠᠷᠴᠣ ᠪᠠᠶᠢᠭ᠎ᠠ ᠣᠳᠣᠷᠢᠳᠣᠯᠭ᠎ᠠ᠂ ᠶᠠᠳᠠᠭᠤ ᠶᠢ ᠳᠡᠳᠬᠦᠬᠦ | ᠲᠣᠬᠠᠶᠢᠯᠠᠭᠰᠠᠨ ᠠᠵᠢᠯ ᠤᠨ ᠠᠵᠢᠯᠲᠠᠨ᠂ ᠡᠯ᠎ᠡ ᠵᠠᠰᠠᠭ ᠵᠠᠬᠢᠷᠭᠠᠨ ᠤ ᠲᠣᠰᠬᠤᠨ ᠤ ᠨᠢᠭᠡᠳᠦᠭᠡᠷ ᠱᠦᠵᠢ᠂ ᠰᠢᠶᠠᠨ ᠤ | ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠣᠳᠣᠷᠢᠳᠣᠯᠭ᠎ᠠ᠂ ᠡᠯ᠎ᠡ ᠲᠦᠯᠬᠢᠨ ᠠᠬᠢᠭᠤᠯᠬᠤ | ᠳᠣᠭᠤᠶᠢᠯᠠᠩ ᠤᠨ ᠳᠣᠭᠤᠶᠢᠯᠠᠩ ᠤᠨ ᠳᠠᠷᠤᠭ᠎ᠠ᠂ ᠳᠡᠳ᠋ ᠳᠣᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠭᠰᠠᠨ | ᠪᠠᠶᠢᠨ᠎ᠠ᠃ ᠡᠯ᠎ᠡ ᠰᠢᠶᠠᠩ ᠪᠠᠯᠭᠠᠰᠣᠨ ᠤ ᠶᠠᠳᠠᠭᠤ ᠶᠢ ᠳᠡᠳᠬᠦᠬᠦ ᠠᠵᠢᠯᠲᠠᠨ᠂ ᠡᠯ᠎ᠡ ᠵᠠᠰᠠᠭ ᠵᠠᠬᠢᠷᠭᠠᠨ ᠤ ᠲᠣᠰᠬᠤᠨ ᠤ | ᠬᠤᠶᠠᠷ ᠵᠥᠪᠯᠡᠯ ᠤᠨ ᠪᠠᠭ ᠤᠨ ᠭᠡᠰᠢᠭᠦᠨ᠂ ᠶᠠᠳᠠᠭᠤ ᠶᠢ ᠳᠡᠳᠬᠦᠬᠦ ᠮᠡᠳᠡᠭᠡ ᠵᠠᠩᠭᠢ ᠶᠢᠨ ᠠᠵᠢᠯ ᠢ ᠰᠢᠩᠭᠡᠭᠡᠭᠴᠢ ᠡᠯ᠎ᠡ | ᠰᠢᠶᠠᠩ ᠪᠠᠯᠭᠠᠰᠣᠨ ︵ᠠᠵᠣ ᠠᠬᠤᠢ ᠶᠢᠨ ᠨᠡᠭᠡᠭᠡᠯᠲᠡ ᠶᠢᠨ ᠲᠣᠭᠤᠷᠢᠭ︶ ᠤ ᠨᠠᠮ ᠤᠨ ᠪᠠᠶᠢᠭᠤᠯᠣᠯᠲᠠ ᠶᠢᠨ ᠰᠢᠭᠤᠳ | ᠨᠡᠪᠲᠡᠷᠡᠬᠦ ᠬᠤᠪᠢᠶᠠᠷᠢ ᠬᠤᠷᠠᠯ ᠤᠨ ᠲᠠᠯᠠᠪᠣᠷ ᠲᠤ ᠬᠤᠷᠠᠯ ᠤᠨ ᠪᠣᠲᠠᠲᠠᠢ ᠪᠠᠶᠢᠳᠠᠯ ᠢ ᠬᠦᠯᠢᠶᠡᠨ ᠠᠪᠴᠣ | ᠰᠣᠨᠣᠰᠣᠭᠰᠠᠨ ᠪᠠᠶᠢᠨ᠎ᠠ᠃ |