2 ᠳ᠋ᠤᠭᠠᠷ ᠰᠠᠷ᠎ᠠ ᠶᠢᠨ 15 ᠤ ᠡᠳᠦᠷ᠂ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ | ᠥᠮᠴᠢᠯᠡᠯ ᠤᠨ ᠡᠷᠬᠡ ᠶᠢ ᠠᠷᠠᠯᠵᠢᠶᠠᠯᠠᠬᠤ ᠲᠥᠪ ᠠᠴᠠ ᠣᠶᠢᠯᠭᠠᠭᠰᠠᠨ ᠢᠶᠠᠷ᠂ ᠮᠠᠨ ᠤ ᠬᠤᠲᠠ ᠶᠢᠨ ᠰᠠᠭᠤᠭᠠᠯᠢ | ᠠᠷᠠᠳ ᠪᠣᠯᠣᠨ ᠠᠵᠤ ᠠᠬᠤᠶᠢᠯᠠᠯ ᠤᠨ ᠥᠯᠥ ᠬᠥᠳᠡᠯᠬᠦ ᠬᠥᠷᠥᠩᠭᠡ ᠶᠢᠨ ᠭᠦᠢᠴᠡᠳᠬᠡᠯ ᠶᠡᠬᠡᠬᠡᠨ ᠳᠥᠭᠦᠮ ᠪᠣᠯᠵᠤ᠂ | ᠣᠷᠴᠢᠮ ᠤᠨ ᠲᠣᠭᠤᠷᠢᠭ ᠤᠨ ᠦᠢᠯᠡᠴᠢᠯᠡᠭᠡᠨ ᠤ ᠲᠥᠪ ᠲᠤ ᠬᠦᠷᠴᠦ ᠭᠦᠢᠴᠡᠳᠬᠡᠵᠦ ᠪᠣᠯᠬᠤ ᠪᠣᠯᠪᠠ᠃ | ᠣᠶᠢᠯᠭᠠᠭᠰᠠᠨ ᠢᠶᠠᠷ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ﹇ | ᠪᠠᠭᠤᠯᠭᠠᠬᠤ ᠬᠠᠮᠢᠶᠠᠷᠬᠤ ᠦᠢᠯᠡᠴᠢᠯᠡᠬᠦ﹈ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠣᠯᠠᠨ ᠲᠦᠮᠡᠨ ᠪᠠ | ᠠᠵᠤ ᠠᠬᠤᠶᠢᠯᠠᠯ ᠤᠨ ᠥᠯᠥ ᠬᠥᠳᠡᠯᠬᠦ ᠬᠥᠷᠥᠩᠭᠡ ᠶᠢᠨ ᠭᠦᠢᠴᠡᠳᠬᠡᠯ ᠳᠤ ᠤᠯᠠᠮ ᠨᠢᠭᠡ ᠠᠯᠬᠤᠮ ᠳᠥᠭᠦᠮ | ᠦᠵᠡᠭᠦᠯᠵᠦ᠂ ᠣᠯᠠᠨ ᠭᠠᠵᠠᠷ ᠲᠤ ᠭᠦᠢᠴᠡᠳᠬᠡᠵᠦ ᠪᠣᠯᠬᠤ᠂ ᠣᠶᠢᠷ᠎ᠠ ᠵᠠᠭᠤᠷ᠎ᠠ ᠭᠦᠢᠴᠡᠳᠬᠡᠵᠦ ᠪᠣᠯᠬᠤ ᠶᠢ | ᠪᠡᠶᠡᠯᠡᠭᠦᠯᠦᠨ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠬᠤ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ | ᠬᠥᠬᠡᠬᠤᠲᠠ ᠶᠢᠨ ᠥᠯᠥ ᠬᠥᠳᠡᠯᠬᠦ ᠬᠥᠷᠥᠩᠭᠡ᠂ ᠠᠷᠠᠯᠵᠢᠶᠠᠯᠠᠬᠤ᠂ ᠭᠠᠶᠢᠯᠢ ᠶᠢᠨ ᠶᠠᠪᠤᠳᠠᠯ ᠭᠤᠷᠪᠠᠨ ᠰᠠᠯᠠᠭ᠎ᠠ | ᠮᠥᠴᠢᠷ ᠬᠠᠮᠲᠤᠷᠠᠨ ᠰᠢᠢᠳᠪᠦᠷᠢ ᠭᠠᠷᠭᠠᠵᠤ᠂ ᠥᠯᠥ ᠬᠥᠳᠡᠯᠬᠦ ᠬᠥᠷᠥᠩᠭᠡ ᠶᠢᠨ ᠬᠤᠳᠣᠩ ᠠᠷᠠᠳ ᠤᠨ ᠲᠣᠭᠤᠷᠢᠭ | ᠪᠠ ᠢᠦᠢ ᠴᠢᠦᠸᠠᠨ ᠲᠣᠭᠤᠷᠢᠭ ᠤᠨ ᠦᠢᠯᠡᠴᠢᠯᠡᠭᠡ ᠶᠢᠨ ᠲᠢᠩᠬᠢᠮ ᠵᠢᠩᠬᠢᠨᠢ ᠪᠠᠷ ᠠᠵᠢᠯ ᠡᠷᠬᠢᠯᠡᠵᠦ᠂ ᠥᠯᠥ | ᠬᠥᠳᠡᠯᠬᠦ ᠬᠥᠷᠥᠩᠭᠡ ᠶᠢᠨ ᠳᠠᠩᠰᠠᠯᠠᠬᠤ᠂ ᠠᠷᠠᠯᠵᠢᠶᠠᠯᠠᠬᠤ᠂ ᠭᠠᠶᠢᠯᠢ ᠶᠢᠨ ᠶᠠᠪᠤᠳᠠᠯ ᠤᠨ ﹇ᠨᠢᠭᠡ ᠴᠣᠩᠬᠤ ᠮᠠᠶ᠋ᠢᠭ﹈ | ᠤᠨ ᠶᠡᠷᠦᠩᠬᠡᠶᠢᠯᠡᠨ ᠬᠦᠯᠢᠶᠡᠨ ᠭᠦᠢᠴᠡᠳᠬᠡᠬᠦ ᠴᠣᠩᠬᠤ ᠭᠠᠷᠭᠠᠪᠠ᠃ ᠤᠤᠯ ᠤᠨ ᠥᠯᠥ ᠬᠥᠳᠡᠯᠬᠦ ᠬᠥᠷᠥᠩᠭᠡ ᠶᠢᠨ | ᠰᠠᠶᠢᠬᠠᠨ ᠲᠣᠭᠤᠷᠢᠭ ᠤᠨ ᠦᠢᠯᠡᠴᠢᠯᠡᠭᠡᠨ ᠤ ᠲᠢᠩᠬᠢᠮ ᠳᠤ ᠥᠯᠥ ᠬᠥᠳᠡᠯᠬᠦ ᠬᠥᠷᠥᠩᠭᠡ ᠶᠢᠨ ᠳᠠᠩᠰᠠᠯᠠᠬᠤ᠂ | ᠠᠷᠠᠯᠵᠢᠶᠠᠯᠠᠬᠤ᠂ ᠭᠠᠶᠢᠯᠢ ᠶᠢᠨ ᠶᠠᠪᠤᠳᠠᠯ ᠤᠨ ﹇ᠨᠢᠭᠡ ᠴᠣᠩᠬᠤ ᠮᠠᠶ᠋ᠢᠭ﹈ ᠤᠨ ᠶᠡᠷᠦᠩᠬᠡᠶᠢᠯᠡᠨ ᠬᠦᠯᠢᠶᠡᠨ | ᠭᠦᠢᠴᠡᠳᠬᠡᠬᠦ ᠴᠣᠩᠬᠤ ᠭᠠᠷᠭᠠᠵᠤ᠂ ᠰᠢᠯᠵᠢᠭᠦᠯᠦᠨ ᠳᠠᠩᠰᠠᠯᠠᠬᠤ᠂ ᠬᠠᠤᠯᠢ ᠴᠠᠭᠠᠵᠠ ᠶᠢᠨ ᠬᠠᠶᠢᠯᠲᠠ᠂ ᠰᠠᠬᠢᠯᠭ᠎ᠠ | ᠪᠠᠲᠤ ᠶᠢᠨ ᠬᠠᠶᠢᠯᠲᠠ᠂ ᠡᠷᠬᠡ ᠮᠡᠳᠡᠯ ᠢ ᠬᠦᠴᠦᠨ ᠦᠭᠡᠢ ᠪᠣᠯᠭᠠᠬᠤ ᠪᠣᠯᠣᠨ ᠪᠢᠲᠡᠭᠦᠮᠵᠢᠯᠡᠵᠦ ᠰᠤᠯᠠᠯᠠᠬᠤ | ᠳᠠᠩᠰᠠᠯᠠᠯ ᠤᠨ ᠶᠠᠪᠤᠳᠠᠯ ᠢ ᠲᠦᠷ ᠴᠠᠭ ᠦᠷᠭᠦᠯᠵᠢᠯᠡᠨ ᠥᠯᠥ ᠬᠥᠳᠡᠯᠬᠦ ᠬᠥᠷᠥᠩᠭᠡ ᠢ ᠳᠠᠩᠰᠠᠯᠠᠬᠤ ᠰᠢᠨ᠎ᠡ | ᠲᠣᠭᠤᠷᠢᠭ ᠤᠨ ᠦᠢᠯᠡᠴᠢᠯᠡᠭᠡᠨ ᠤ ᠲᠢᠩᠬᠢᠮ ᠳᠤ ᠭᠦᠢᠴᠡᠳᠬᠡᠬᠦ ᠶᠢ ᠭᠠᠷᠭᠠᠪᠠᠯ᠂ ᠪᠤᠰᠤᠳ ᠳᠠᠩᠰᠠᠯᠠᠬᠤ ᠬᠡᠯᠪᠡᠷᠢ ᠶᠢ | ᠴᠦᠮ ᠳᠦᠷᠪᠡᠨ ᠦᠢᠯᠡᠴᠢᠯᠡᠭᠡᠨ ᠤ ᠲᠢᠩᠬᠢᠮ ᠳᠤ ᠭᠦᠢᠴᠡᠳᠬᠡᠵᠦ ᠪᠣᠯᠬᠤ ᠪᠣᠯᠵᠤ᠂ ᠥᠯᠥ ᠬᠥᠳᠡᠯᠬᠦ | ᠬᠥᠷᠥᠩᠭᠡ ᠶᠢᠨ ᠳᠠᠩᠰᠠᠯᠠᠬᠤ ᠦᠢᠯᠡᠴᠢᠯᠡᠭᠡᠨ ᠤ ᠲᠢᠩᠬᠢᠮ ᠢ ᠳᠦᠷᠪᠡᠨ ᠲᠣᠭᠤᠷᠢᠭ ᠲᠤ ᠪᠦᠷᠬᠦᠭᠦᠯᠵᠦ᠂ ᠥᠷᠭᠡᠨ | ᠣᠯᠠᠨ ᠬᠤᠲᠠ ᠶᠢᠨ ᠠᠷᠠᠳ ᠲᠤ ᠠᠵᠢᠯ ᠭᠦᠢᠴᠡᠳᠬᠡᠬᠦ ᠭᠠᠵᠠᠷ ᠢᠶᠠᠨ ᠰᠢᠯᠢᠨ ᠰᠣᠩᠭᠤᠵᠤ ᠪᠣᠯᠬᠤ ᠪᠣᠯᠪᠠ᠃ | ᠪᠣᠳᠠᠲᠠᠢ ᠪᠠᠷ ᠄ ᠰᠢᠨ᠎ᠡ ᠲᠣᠭᠤᠷᠢᠭ ᠤᠨ ᠦᠢᠯᠡᠴᠢᠯᠡᠭᠡᠨ ᠤ ᠲᠢᠩᠬᠢᠮ ᠨᠢ ᠰᠢᠨ᠎ᠡ ᠬᠤᠲᠠ ᠲᠣᠭᠤᠷᠢᠭ ᠤᠨ ᠴᠢᠩᠭᠢᠰ | ᠬᠠᠭᠠᠨ ᠶᠡᠭᠡ ᠵᠡᠭᠡᠯᠢ ᠶᠢᠨ 9 ᠨᠣᠮᠧᠷ ᠭᠡᠷ ᠬᠥᠷᠥᠩᠭᠡ ᠶᠢᠨ ᠠᠷᠠᠯᠵᠢᠶᠠᠨ ᠤ ᠶᠡᠭᠡ ᠠᠰᠠᠷ ᠤᠨ ᠬᠤᠶᠠᠳᠤᠭᠠᠷ | ᠳᠠᠪᠬᠤᠷᠭ᠎ᠠ ᠳᠤ᠂ ᠰᠠᠶᠢᠬᠠᠨ ᠲᠣᠭᠤᠷᠢᠭ ᠤᠨ ᠦᠢᠯᠡᠴᠢᠯᠡᠭᠡᠨ ᠤ ᠲᠢᠩᠬᠢᠮ ᠨᠢ ᠰᠠᠶᠢᠬᠠᠨ ᠲᠣᠭᠤᠷᠢᠭ ᠤᠨ ᠵᠣᠣ | ᠤᠳᠠ ᠵᠠᠮ ᠪᠣᠯᠣᠨ ᠡᠮᠦᠨ᠎ᠡ ᠬᠤᠶᠠᠳᠤᠭᠠᠷ ᠲᠣᠭᠤᠷᠢᠭᠤᠯ ᠵᠠᠮ ᠤᠨ ᠠᠭᠤᠯᠵᠠᠷ ᠲᠤ ᠬᠢ ᠶᠢᠨ ᠬᠤᠸᠠ ᠶᠤᠸᠠᠨ | ᠬᠤᠳᠠᠯᠳᠤᠭᠠᠨ ᠤ ᠠᠰᠠᠷ ᠤᠨ ᠬᠤᠶᠠᠳᠤᠭᠠᠷ ᠳᠠᠪᠬᠤᠷᠭ᠎ᠠ ᠳᠤ᠂ ᠬᠤᠳᠣᠩ ᠠᠷᠠᠳ ᠤᠨ ᠲᠣᠭᠤᠷᠢᠭ ᠤᠨ | ᠦᠢᠯᠡᠴᠢᠯᠡᠭᠡᠨ ᠤ ᠲᠢᠩᠬᠢᠮ ᠨᠢ ᠬᠤᠳᠤᠩ ᠠᠷᠠᠳ ᠤᠨ ᠲᠣᠭᠤᠷᠢᠭ ᠤᠨ ᠴᠢᠩᠭᠢᠰ ᠬᠠᠭᠠᠨ ᠶᠡᠭᠡ ᠵᠡᠭᠡᠯᠢ ᠶᠢᠨ ᠮᠧᠩ | ᠰᠢ ᠶᠤᠸᠠᠨ ᠬᠤᠳᠠᠯᠳᠤᠭᠠᠨ ᠤ ᠠᠰᠠᠷ ᠤᠨ ᠳᠤᠮᠳᠠ ᠬᠡᠰᠡᠭ ᠤᠨ ᠨᠢᠭᠡ ᠬᠤᠶᠠᠳᠤᠭᠠᠷ ᠳᠠᠪᠬᠤᠷᠭ᠎ᠠ ᠳᠤ᠂ ᠢᠦᠢ | ᠴᠢᠦᠸᠠᠨ ᠲᠣᠭᠤᠷᠢᠭ ᠤᠨ ᠦᠢᠯᠡᠴᠢᠯᠡᠭᠡᠨ ᠤ ᠲᠢᠩᠬᠢᠮ ᠨᠢ ᠢᠦᠢ ᠴᠢᠦᠸᠠᠨ ᠲᠣᠭᠤᠷᠢᠭ ᠤᠨ ᠱᠢ ᠶᠠᠩ ᠴᠢᠶᠥᠥ | ᠡᠮᠦᠨ᠎ᠡ ᠵᠠᠮ ᠪᠣᠯᠣᠨ ᠶᠢᠨ ᠾᠧ ᠬᠤᠶᠢᠨ᠎ᠠ ᠵᠡᠭᠡᠯᠢ ᠶᠢᠨ ᠠᠭᠤᠯᠵᠠᠷ ᠲᠤ ᠬᠢ ᠸᠠᠨ ᠶᠢᠨ ᠰᠢᠶᠠᠩ ᠶᠦᠨ | ᠬᠤᠳᠠᠯᠳᠤᠭᠠᠨ ᠤ ᠠᠰᠠᠷ ᠤᠨ ᠭᠤᠷᠪᠠᠳᠤᠭᠠᠷ ᠳᠠᠪᠬᠤᠷᠭ᠎ᠠ ᠳᠤ ᠪᠠᠶᠢᠷᠢᠯᠠᠵᠤ ᠪᠤᠢ᠃ |