ᠬᠦᠬᠡᠬᠤᠲᠠ ᠨᠢᠰᠭᠡᠯ ᠤᠨ ᠪᠠᠭᠤᠳᠠᠯ ᠤᠨ ᠡᠳᠦᠷ ᠤᠨ ᠳᠤᠮᠳᠠᠴᠢ ᠠᠶᠠᠨᠴᠢᠨ ᠤ ᠠᠶᠠᠯᠠᠯ ᠤᠨ ᠬᠡᠮᠵᠢᠶ᠎ᠡ 29170 ᠬᠦᠮᠦᠨ ᠤᠳᠠᠭ᠎ᠠ ᠳᠤ ᠬᠦᠷᠪᠡ
ᠨᠡᠶᠢᠲᠡᠯᠡᠭᠰᠡᠨ ᠴᠠᠭ᠄
2019-02-19
     ᠡᠨᠡ ᠵᠢᠯ ᠤᠨ ᠴᠠᠭᠠᠨ ᠰᠠᠷ᠎ᠠ ᠶᠢᠨ ᠠᠮᠠᠷᠠᠯᠳᠠ ᠶᠢᠨ ᠬᠤᠭᠤᠴᠠᠭ᠎ᠠ ᠳᠤ᠂ ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠨᠡᠶᠢᠲᠡ 1760 ᠡᠬᠡᠯᠵᠢ ᠶᠢᠨ ᠨᠢᠰᠬᠡᠯ ᠤᠨ ᠨᠢᠰᠴᠤ ᠪᠠᠭᠤᠬᠤ ᠶᠢ ᠪᠠᠲᠤᠯᠠᠵᠦ᠂ 20.4 ᠲᠦᠮᠡᠨ ᠠᠶᠠᠨᠴᠢᠨ ︵ᠬᠦᠮᠦᠨ ᠤᠳᠠᠭ᠎ᠠ︶ ᠵᠦᠬᠡᠬᠡᠪᠦᠷᠢᠯᠡᠵᠦ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ ᠲᠤᠰ ᠲᠤᠰ 8.2% ᠪᠠ 14.3% ᠪᠠᠷ ᠨᠡᠮᠡᠭᠳᠡᠭᠰᠡᠨ ᠪᠠᠶᠢᠨ᠎ᠠ᠃     ᠤᠶᠢᠯᠠᠭᠠᠭᠰᠠᠨ ᠢᠶᠠᠷ᠂ ᠡᠨᠡ ᠵᠢᠯ ᠤᠨ ᠴᠠᠭᠠᠨ ᠰᠠᠷ᠎ᠠ ᠶᠢᠨ ᠠᠮᠠᠷᠠᠯᠳᠠ ᠶᠢᠨ ᠬᠤᠭᠤᠴᠠᠭ᠎ᠠ ᠳᠤ᠂ ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠤᠨ ᠡᠳᠦᠷ ᠲᠤᠮᠳᠠᠴᠢ ᠵᠦᠬᠡᠬᠡᠪᠦᠷᠢᠯᠡᠭᠰᠡᠨ ᠠᠶᠠᠨᠴᠢᠨ ᠤ ᠲᠤᠭ᠎ᠠ ᠨᠢ 29170 ᠬᠦᠮᠦᠨ ᠤᠳᠠᠭ᠎ᠠ ᠳᠤ ᠬᠦᠷᠴᠤ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 3639 ᠬᠦᠮᠦᠨ ᠤᠳᠠᠭ᠎ᠠ ᠨᠡᠮᠡᠭᠳᠡᠵᠦ᠂ 2 ᠳ᠋ᠤᠭᠠᠷ ᠰᠠᠷ᠎ᠠ ᠶᠢᠨ 10 ᠤ ᠡᠳᠦᠷ ᠨᠡᠶᠢᠲᠡ 295 ᠡᠬᠡᠯᠵᠢ ᠶᠢᠨ ᠨᠢᠰᠬᠡᠯ ᠤᠨ ᠨᠢᠰᠴᠤ ᠪᠠᠭᠤᠬᠤ ᠶᠢ ᠪᠠᠳᠤᠯᠠᠵᠦ᠂ 36246 ᠠᠶᠠᠨᠴᠢᠨ ︵ᠬᠦᠮᠦᠨ ᠤᠳᠠᠭ᠎ᠠ︶ ᠵᠦᠬᠡᠬᠡᠪᠦᠷᠢᠯᠡᠵᠦ᠂ ᠴᠠᠭᠠᠨ ᠰᠠᠷ᠎ᠠ ᠶᠢᠨ ᠠᠮᠠᠷᠠᠯᠳᠠ ᠶᠢᠨ ᠬᠤᠭᠤᠴᠠᠭᠠᠨ ᠤ ᠠᠶᠠᠨᠴᠢᠳ ᠤᠨ ᠵᠦᠬᠡᠬᠡᠪᠦᠷᠢ ᠶᠢᠨ ᠬᠠᠮᠤᠬ ᠤᠨ ᠦᠨᠳᠦᠷ ᠲᠡᠮᠳᠡᠭᠯᠡᠯ ᠢ ᠡᠬᠦᠳᠴᠡᠢ᠃ ᠠᠶᠠᠨᠴᠢᠳ ᠤᠨ ᠠᠶᠠᠯᠠᠬᠤ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠬᠤ ᠶᠢᠨ ᠲᠦᠯᠦᠬᠡ᠂ ᠲᠤᠰ ᠨᠢᠰᠬᠡᠯ ᠤᠨ ᠪᠠᠭᠤᠳᠠᠯ ᠨᠢ ᠡᠯ᠎ᠠ ᠠᠭᠠᠷ ᠤᠨ ᠠᠶᠠᠯᠠᠯ ᠤᠨ ᠺᠤᠮᠫᠠᠨᠢ ᠲᠠᠢ ᠬᠠᠮᠳᠤ ᠪᠠᠷ ᠴᠠᠭᠠᠨ ᠰᠠᠷ᠎ᠠ ᠶᠢᠨ ᠠᠮᠠᠷᠠᠯᠳᠠ ᠶᠢᠨ ᠬᠤᠭᠤᠴᠠᠭᠠᠨ ᠳᠤ ᠡᠬᠡᠯᠵᠢ ᠨᠡᠮᠡᠵᠦ ᠠᠵᠢᠯᠯᠠᠬᠤ ᠲᠠᠯ᠎ᠠ ᠪᠠᠷ ᠢᠳᠡᠪᠬᠢᠳᠡᠢ ᠵᠤᠬᠢᠴᠠᠭᠤᠯᠤᠭᠰᠠᠨ ᠤ ᠬᠠᠮᠳᠤ᠂ ᠠᠶᠠᠨᠴᠢᠳ ᠤᠨ ᠢᠷᠡᠯᠳᠡ ᠶᠢ ᠵᠤᠬᠢᠶᠠᠨ ᠪᠠᠶᠢᠭᠤᠯᠬᠤ ᠠᠵᠢᠯ ᠢᠶᠠᠨ ᠴᠢᠩᠭᠠᠳᠬᠠᠬᠰᠠᠨ ᠪᠠᠶᠢᠨ᠎ᠠ᠃ ᠡᠨᠡ ᠵᠢᠯ ᠤᠨ ᠴᠠᠭᠠᠨ ᠰᠠᠷ᠎ᠠ ᠶᠢᠨ ᠠᠮᠠᠷᠠᠯᠳᠠ ᠶᠢᠨ ᠬᠤᠭᠤᠴᠠᠭᠠᠨ ᠳᠤ᠂ ᠲᠤᠰ ᠨᠢᠰᠬᠡᠯ ᠤᠨ ᠪᠠᠭᠤᠳᠠᠯ ᠨᠢ ᠸᠧᠨᠵᠧᠤ᠂ ᠵᠦᠬᠠᠢ᠂ ᠶᠠᠨᠲ᠋ᠠᠢ᠂ ᠤᠳᠠᠢ᠂ ᠬᠠᠨᠳᠠᠨ᠂ ᠲᠠᠩᠱᠠᠨ᠂ ᠰᠢᠦ᠋ᠢᠵᠸᠤ ᠵᠡᠷᠬᠡ 9 ᠬᠤᠳᠠ ᠳᠤ ᠬᠦᠷᠬᠦ ᠡᠬᠡᠯᠵᠢ ᠶᠢᠨ ᠨᠢᠰᠬᠡᠯ ᠢ ᠰᠢᠨ᠎ᠠ ᠪᠠᠷ ᠨᠡᠮᠡᠭᠳᠡᠬᠦᠯᠵᠦ᠂ ᠪᠡᠭᠡᠵᠢᠩ᠂ ᠱᠠᠩᠬᠠᠢ᠂ ᠭᠤᠧᠠᠩᠵᠧᠤ᠂ ᠱᠧᠨ᠋ᠵᠧᠨ᠂ ᠬᠠᠶᠢᠨᠠᠨ ᠵᠡᠷᠬᠡ ᠤᠷᠤᠨ ᠤ ᠭᠠᠳᠠᠨᠠᠬᠢ 23 ᠬᠤᠳᠠ ᠪᠠ ᠤᠯᠠᠭᠠᠨᠬᠠᠳᠠ᠂ ᠬᠦᠯᠦᠨ ᠪᠤᠶᠢᠷ᠂ ᠲᠦᠩᠯᠢᠶᠤᠤ ᠵᠡᠷᠬᠡ ᠤᠷᠤᠨ ᠤ ᠲᠤᠳᠤᠷᠡᠬᠢ 5 ᠬᠤᠳᠠ ᠳᠤ ᠬᠦᠷᠬᠦ ᠡᠬᠡᠯᠵᠢ ᠶᠢᠨ ᠨᠢᠰᠬᠡᠯ ᠢ ᠪᠦᠷ ᠨᠡᠮᠡᠭᠳᠡᠬᠦᠯᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号