ᠴᠧᠨ ᠯᠢ ᠶᠢᠨ ᠬᠤᠷᠢᠨᠭᠡᠷ ᠴᠠᠬᠢᠯᠭᠠᠨ ᠦᠢᠯᠡᠳᠪᠦᠷᠢ ᠳᠤ ᠭᠦᠨᠵᠡᠭᠡᠶᠢᠷᠡᠵᠦ ᠠᠶᠣᠯ ᠦᠭᠡᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠣᠳᠣᠯᠵᠣ ᠰᠢᠮᠳᠠᠭᠤᠯᠣᠨ ᠵᠢᠯᠣᠭᠤᠳᠪᠠ
ᠨᠡᠶᠢᠲᠡᠯᠡᠭᠰᠡᠨ ᠴᠠᠭ᠄
2019-02-26
     2 ᠳ᠋ᠤᠭᠠᠷ ᠰᠠᠷ᠎ᠠ ᠶᠢᠨ21 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ ᠳᠣᠭᠤᠶᠢᠯᠠᠩ ᠳᠠᠭᠠᠭᠤᠯᠣᠨ ᠬᠤᠷᠢᠨᠭᠡᠷ ᠴᠠᠬᠢᠯᠭᠠᠨ ᠦᠢᠯᠡᠳᠪᠦᠷᠢ ᠳᠤ ᠭᠦᠨᠵᠡᠭᠡᠶᠢᠷᠡᠵᠦ᠂ ᠲᠦᠷᠥᠯ ᠵᠦᠢᠯ ᠤᠨ ᠪᠦᠲᠦᠭᠡᠨ ᠪᠠᠶᠢᠭᠤᠯᠣᠯᠲᠠ ᠶᠢᠨ ᠪᠠᠶᠢᠳᠠᠯ ᠵᠢᠴᠢ ᠠᠶᠣᠯ ᠦᠭᠡᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠣᠳᠣᠯᠵᠣ ᠰᠢᠮᠳᠠᠭᠤᠯᠣᠨ ᠵᠢᠯᠣᠭᠤᠳᠪᠠ᠃      ᠴᠧᠨ ᠯᠢ ᠶᠢᠨ ᠬᠤᠷᠢᠨᠭᠡᠷ ᠴᠠᠬᠢᠯᠭᠠᠨ ᠦᠢᠯᠡᠳᠪᠦᠷᠢ ᠶᠢᠨ ᠲᠦᠷᠥᠯ ᠵᠦᠢᠯ ᠤᠨ ᠪᠦᠲᠦᠭᠡᠨ ᠪᠠᠶᠢᠭᠤᠯᠣᠯᠲᠠ ᠵᠢᠴᠢ ᠠᠶᠣᠯ ᠦᠭᠡᠢ ᠦᠢᠯᠡᠳᠪᠦᠷᠢᠯᠡᠯ ᠤᠨ ᠪᠠᠶᠢᠳᠠᠯ ᠢ ᠲᠣᠬᠠᠢ ᠶᠢᠨ ᠲᠠᠯᠠᠪᠠᠢ ᠳᠤᠨᠢ ᠪᠠᠶᠢᠴᠠᠭᠠᠨ ᠦᠵᠡᠬᠦ ᠶᠢᠨ ᠬᠠᠮᠲᠣ ᠠᠵᠣ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠭᠤᠳᠠᠯ ᠤᠨ ᠬᠤᠷᠠᠯ ᠬᠢᠵᠦ᠂ ᠣᠳᠣᠬᠠᠨ ᠤ ᠲᠦᠷᠥᠯ ᠵᠦᠢᠯ ᠤᠨ ᠪᠦᠲᠦᠭᠡᠨ ᠪᠠᠶᠢᠭᠤᠯᠣᠯᠲᠠ ᠳᠣᠮᠳᠠᠬᠢ ᠰᠢᠢᠳᠪᠦᠷᠢᠯᠡᠬᠦ ᠴᠢᠬᠤᠯᠠᠲᠠᠢ ᠬᠦᠴᠢᠷᠳᠡᠯ ᠪᠣᠯᠣᠨ ᠠᠰᠠᠭᠤᠳᠠᠯ ᠢ ᠨᠠᠷᠢᠨ ᠬᠢᠨᠠᠮᠠᠭᠠᠢ ᠰᠣᠨᠣᠰᠴᠣ᠂ ᠠᠬᠤᠢ ᠲᠠᠯᠠᠪᠠᠢ ᠳᠤ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠵᠣᠬᠢᠴᠠᠭᠤᠯᠣᠨ ᠡᠭᠦᠷᠭᠡ ᠬᠦᠯᠢᠶᠡᠯᠭᠡᠨ ᠰᠢᠢᠳᠪᠦᠷᠢᠯᠡᠭᠦᠯᠪᠡ᠃      ᠴᠧᠨ ᠯᠢ ᠶᠢᠨ ᠴᠢᠩᠭᠠᠳᠬᠠᠭᠰᠠᠨ ᠨᠢ᠂ ᠬᠤᠷᠢᠨᠭᠡᠷ ᠴᠠᠬᠢᠯᠭᠠᠨ ᠦᠢᠯᠡᠳᠪᠦᠷᠢ ᠶᠢᠨ ᠪᠦᠲᠦᠭᠡᠨ ᠪᠠᠶᠢᠭᠤᠯᠣᠯᠲᠠ ᠶᠢᠨ ᠲᠦᠷᠥᠯ ᠵᠦᠢᠯ ᠨᠢ ᠮᠠᠨ ᠤ ᠰᠢᠶᠠᠨ ᠤ ᠭᠤᠣᠯᠳᠠᠯᠭ᠎ᠠ ᠲᠠᠢ ᠲᠦᠷᠥᠯ ᠵᠦᠢᠯ ᠤᠨ ᠨᠢᠭᠡ ᠪᠣᠯᠣᠭᠰᠠᠨ ᠤ ᠬᠤᠪᠢ ᠳᠤ᠂ ᠮᠠᠨ ᠤ ᠰᠢᠶᠠᠨ ᠡᠨᠡᠬᠦ ᠲᠦᠷᠥᠯ ᠵᠦᠢᠯ ᠤᠨ ᠳᠡᠭᠡᠷ᠎ᠡ ᠬᠠᠭᠠᠰ ᠵᠢᠯ ᠳᠤ ᠠᠰᠢᠭᠯᠠᠯᠲᠠ ᠳᠤ ᠣᠷᠣᠵᠣ ᠴᠠᠬᠢᠯᠭᠠᠨ ᠭᠠᠷᠭᠠᠨ᠂ ᠵᠢᠯ ᠤᠨ ᠡᠴᠦᠰ ᠠᠰᠢᠭ ᠣᠯᠬᠤ ᠣᠷᠢᠳᠴᠢᠯᠠᠭᠰᠠᠨ ᠬᠠᠷᠠᠯᠲᠠ ᠳᠤ ᠬᠦᠷᠬᠦ ᠶᠢ ᠪᠦᠬᠦ ᠬᠦᠴᠦᠨ ᠢᠶᠠᠷ ᠳᠡᠮᠵᠢᠨ᠎ᠡ᠃ ᠡᠭᠦᠨ ᠤ ᠬᠠᠮᠲᠣ᠂ ᠦᠢᠯᠡᠳᠪᠦᠷᠢᠯᠡᠨ ᠪᠠᠶᠢᠭᠤᠯᠵᠣ ᠪᠠᠶᠢᠭ᠎ᠠ ᠪᠠᠶᠢᠭᠤᠯᠭ᠎ᠠ ᠵᠠᠪᠠᠯ ᠠᠶᠣᠯ ᠦᠭᠡᠢ ᠦᠢᠯᠡᠳᠪᠦᠷᠢᠯᠡᠯ ᠤᠨ ᠠᠵᠢᠯ ᠤᠨ ᠴᠢᠬᠤᠯᠠ ᠴᠢᠨᠠᠷ ᠶᠢ ᠰᠡᠷᠡᠨ ᠲᠠᠨᠢᠵᠤ᠂ ᠬᠦᠭᠵᠢᠭᠦᠯᠬᠦ ᠳᠤ ᠯᠠᠪᠲᠠᠶ᠎ᠠ ᠠᠮᠣᠷ ᠲᠦᠪᠰᠢᠨ ᠢ ᠦᠷᠡᠭᠳᠡᠭᠦᠯᠬᠦ ᠪᠠᠷ ᠵᠣᠯᠢᠶ᠎ᠠ ᠪᠣᠯᠭᠠᠵᠣ ᠪᠣᠯᠬᠤ ᠦᠭᠡᠢ ᠭᠡᠬᠦ ᠤᠯᠠᠭᠠᠨ ᠱᠤᠭᠤᠮ ᠤᠨ ᠤᠬᠠᠮᠰᠠᠷ ᠢ ᠪᠠᠲᠣ ᠪᠠᠬᠢ ᠪᠣᠢ ᠪᠣᠯᠭᠠᠵᠣ᠂ ᠠᠶᠣᠯ ᠦᠭᠡᠢ ᠦᠢᠯᠡᠳᠪᠦᠷᠢᠯᠡᠯ ᠤᠨ ᠲᠤᠭ ᠢ ᠦᠨᠳᠦᠷ ᠡᠷᠭᠦᠨ᠂ ᠠᠶᠣᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠡᠭᠦᠷᠭᠡᠯᠡᠨ᠂ ᠠᠶᠣᠯ ᠦᠭᠡᠢ ᠦᠢᠯᠡᠳᠪᠦᠷᠢᠯᠡᠯ ᠬᠢᠭᠡᠳ ᠦᠢᠯᠡᠳᠪᠦᠷᠢᠯᠡᠯ ᠤᠨ ᠠᠮᠣᠷ ᠲᠦᠪᠰᠢᠨ ᠢ ᠦᠨᠡᠨᠬᠦ ᠪᠠᠲᠣᠯᠠᠬᠤ ᠬᠡᠷᠡᠭᠲᠡᠢ ᠭᠡᠵᠡᠢ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号