ᠥᠴᠥᠭᠡᠳᠦᠷ ᠠᠴᠠ ᠡᠬᠢᠯᠡᠨ ᠪᠡᠭᠡᠵᠢᠩ ᠳᠤ ᠣᠷᠣᠬᠤ ᠭᠠᠯᠲᠤ ᠲᠡᠷᠭᠡ ᠳᠤ ᠬᠤᠶᠠᠷ ᠤᠳᠠᠭ᠎ᠠ ᠶᠢᠨ ᠠᠶᠤᠯᠬᠦᠢ ᠶᠢᠨ ᠪᠠᠶᠢᠴᠠᠭᠠᠯᠲᠠ ᠬᠢᠬᠦ ᠪᠣᠯᠪᠠ
ᠨᠡᠶᠢᠲᠡᠯᠡᠭᠰᠡᠨ ᠴᠠᠭ᠄
2019-02-27
      ᠥᠴᠥᠭᠡᠳᠦᠷ᠂ ᠬᠥᠬᠡᠬᠤᠲᠠ ᠶᠢᠨ ᠲᠡᠮᠦᠷ ᠵᠠᠮ ᠤᠨ ᠳᠣᠲᠣᠭᠠᠳᠤ ᠶᠢ ᠬᠠᠮᠠᠭᠠᠯᠠᠬᠤ ᠭᠠᠵᠠᠷ ᠠᠴᠠ ᠣᠶᠢᠯᠭᠠᠭᠰᠠᠨ ᠢᠶᠠᠷ᠂ 2 ᠳ᠋ᠤᠭᠠᠷ ᠰᠠᠷ᠎ᠠ ᠶᠢᠨ 26 ᠤ ᠡᠳᠦᠷ ᠠᠴᠠ 3 ᠳ᠋ᠤᠭᠠᠷ ᠰᠠᠷ᠎ᠠ ᠶᠢᠨ 17 ᠤ ᠡᠳᠦᠷ ᠪᠣᠯᠲᠠᠯ᠎ᠠ ᠂ ᠬᠥᠬᠡᠬᠤᠲᠠ ᠶᠢᠨ ᠲᠡᠮᠦᠷ ᠵᠠᠮ ᠤᠨ ᠳᠣᠲᠣᠭᠠᠳᠤ ᠶᠢ ᠬᠠᠮᠠᠭᠠᠯᠠᠬᠤ ᠭᠠᠵᠠᠷ ᠤᠨ ᠬᠠᠮᠢᠶᠠᠷᠤᠯᠲᠠ ᠳᠣᠲᠣᠷᠠᠬᠢ ᠡᠯ᠎ᠡ ᠭᠠᠯᠲᠤ ᠲᠡᠷᠭᠡᠨ ᠥᠷᠲᠡᠭᠡ ᠶᠢᠨ ᠪᠡᠭᠡᠵᠢᠩ ᠵᠦᠭ ᠶᠠᠪᠤᠬᠤ ᠭᠠᠯᠲᠤ ᠲᠡᠷᠭᠡ ᠴᠢᠩᠭ᠎ᠠ ᠠᠶᠤᠯᠬᠦᠢ ᠶᠢᠨ ᠪᠠᠶᠢᠴᠠᠭᠠᠯᠲᠠ ᠶᠢ ᠥᠩᠭᠡᠷᠡᠭᠡᠬᠦ ᠪᠣᠯᠵᠤ᠂ ᠪᠡᠭᠡᠵᠢᠩ ᠣᠷᠣᠬᠤ  ᠭᠠᠯᠲᠤ ᠲᠡᠷᠭᠡ ᠬᠤᠶᠠᠷ ᠤᠳᠠᠭ᠎ᠠ ᠶᠢᠨ ᠠᠶᠤᠯᠬᠦᠢ ᠶᠢᠨ ᠪᠠᠶᠢᠴᠠᠭᠠᠯᠲᠠ᠂ ᠬᠤᠶᠠᠷ ᠤᠳᠠᠭ᠎ᠠ ᠶᠢᠨ ᠮᠥᠨ ᠪᠡᠶ᠎ᠡ ᠶᠢᠨ ᠪᠦᠬᠦ ᠲᠠᠯ᠎ᠠ ᠶᠢᠨ ᠪᠠᠶᠢᠴᠠᠭᠠᠯᠲᠠ ᠶᠢ ᠥᠩᠭᠡᠷᠡᠭᠡᠬᠦ ᠪᠣᠯᠪᠠ᠃      ᠬᠤᠶᠠᠷ ᠤᠳᠠᠭ᠎ᠠ ᠶᠢᠨ ᠠᠶᠤᠯᠬᠦᠢ ᠶᠢᠨ ᠪᠠᠶᠢᠴᠠᠭᠠᠯᠲᠠ ᠨᠢ ᠥᠷᠲᠡᠭᠡᠨ ᠣᠷᠣᠵᠤ ᠲᠡᠷᠭᠡᠨ ᠳᠤ ᠭᠠᠷᠬᠤ ᠴᠠᠭ ᠢ ᠰᠠᠭᠠᠲᠠᠭᠠᠬᠤ ᠪᠣᠯᠬᠤᠷ᠂ ᠠᠶᠠᠨᠴᠢᠳ ᠤᠨ ᠠᠶᠠᠨ ᠢ ᠰᠠᠭᠠᠲᠠᠭᠠᠬᠤ ᠦᠭᠡᠢ ᠶᠢᠨ ᠲᠥᠯᠥᠭᠡ ᠲᠡᠮᠦᠷ ᠵᠠᠮ ᠤᠨ ᠰᠠᠯᠠᠭ᠎ᠠ ᠮᠥᠴᠢᠷ ᠠᠴᠠ ᠠᠶᠠᠨᠴᠢᠳ ᠢ ᠨᠢᠭᠡ ᠴᠠᠭ ᠤᠷᠢᠳᠠᠵᠤ ᠥᠷᠲᠡᠭᠡᠨ ᠳᠤ ᠢᠷᠡᠵᠦ᠂ ᠤᠬᠠᠮᠰᠠᠷ ᠠᠴᠠ ᠪᠠᠨ ᠠᠶᠤᠯᠬᠦᠢ ᠶᠢᠨ ᠪᠠᠶᠢᠴᠠᠭᠠᠯᠲᠠ ᠶᠢ ᠬᠦᠯᠢᠶᠡᠵᠦ᠂ ᠪᠠᠶᠢᠴᠠᠭᠠᠯᠲᠠ ᠳᠤ ᠣᠷᠣᠯᠴᠠᠬᠤ ᠶᠢ ᠰᠠᠨᠠᠭᠤᠯᠪᠠ᠃
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号