ᠣᠷᠴᠢᠮᠬᠠᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠠᠴᠠ | ᠣᠶᠢᠯᠭᠠᠭᠰᠠᠨ ᠢᠶᠠᠷ᠂ 2018 ᠣᠨ ᠤ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠬᠡᠦᠬᠡᠳ ᠤᠨ ᠴᠡᠴᠡᠷᠯᠢᠭ ᠤᠨ | ᠨᠡᠷᠡᠰ ᠢ ᠨᠡᠶᠢᠲᠡᠯᠡᠵᠦ᠂ ᠲᠡᠭᠦᠨ ᠤ ᠳᠣᠲᠣᠷ᠎ᠠ ᠮᠠᠨ ᠤ ᠬᠤᠲᠠ ᠶᠢᠨ ᠢᠦᠢ ᠴᠢᠦᠸᠠᠨ ᠲᠣᠭᠤᠷᠢᠭ ᠤᠨ | ᠦᠨᠳᠦᠰᠦᠲᠡᠨ ᠤ ᠬᠡᠦᠬᠡᠳ ᠤᠨ ᠴᠡᠴᠡᠷᠯᠢᠭ᠂ ᠰᠠᠶᠢᠬᠠᠨ ᠲᠣᠭᠤᠷᠢᠭ ᠤᠨ ᠨᠢᠭᠡᠳᠦᠭᠡᠷ ᠬᠡᠦᠬᠡᠳ ᠤᠨ ᠴᠡᠴᠡᠷᠯᠢᠭ᠂ | ᠲᠦᠮᠡᠳ ᠵᠡᠭᠦᠨ ᠬᠤᠰᠢᠭᠤᠨ ᠤ ᠤᠯᠠᠭᠠᠨᠬᠦᠦ ᠬᠡᠦᠬᠡᠳ ᠤᠨ ᠴᠡᠴᠡᠷᠯᠢᠭ᠂ ᠰᠢᠨ᠎ᠡ ᠬᠤᠲᠠ ᠲᠣᠭᠤᠷᠢᠭ ᠤᠨ | ᠵᠢᠷᠭᠤᠳᠤᠭᠠᠷ ᠬᠡᠦᠬᠡᠳ ᠤᠨ ᠴᠡᠴᠡᠷᠯᠢᠭ ᠪᠠᠭᠲᠠᠪᠠ᠃ | ᠮᠠᠨ ᠤ ᠣᠷᠣᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠤᠨ ᠡᠷᠡᠭᠦᠯ ᠴᠢᠭᠢᠷᠠᠭ | ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠵᠤ᠂ ᠬᠡᠦᠬᠡᠳ ᠤᠨ ᠴᠡᠴᠡᠷᠯᠢᠭ ᠤᠨ ᠴᠡᠴᠡᠷᠯᠢᠭ ᠡᠷᠬᠢᠯᠡᠬᠦ ᠬᠢᠷᠢ | ᠲᠥᠪᠰᠢᠨ ᠪᠣᠯᠣᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠤᠨ ᠪᠦᠬᠦ ᠲᠠᠯ᠎ᠠ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠶᠢᠨ ᠲᠥᠯᠥᠭᠡ᠂ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ | ᠲᠢᠩᠬᠢᠮ ᠠᠴᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠢᠱᠢᠶᠡᠴᠢ | ᠬᠡᠦᠬᠡᠳ ᠤᠨ ᠴᠡᠴᠡᠷᠯᠢᠭ ᠢ ᠦᠨᠡᠯᠡᠨ ᠨᠤᠲᠠᠯᠠᠬᠤ ᠶᠡᠷᠦᠩᠬᠡᠢ ᠪᠠᠷᠢᠮᠵᠢᠶ᠎ᠠ ᠶᠣᠰᠣᠭᠠᠷ᠂ 10 ᠠᠶᠢᠮᠠᠭ ᠬᠤᠲᠠ ᠶᠢᠨ | 2018 ᠣᠨ ᠳᠤ ᠮᠡᠳᠡᠭᠦᠯᠦᠭᠰᠡᠨ 37 ᠬᠡᠦᠬᠡᠳ ᠤᠨ ᠴᠡᠴᠡᠷᠯᠢᠭ ᠢ ᠦᠨᠡᠯᠡᠨ ᠨᠤᠲᠠᠯᠠᠵᠤ ᠰᠢᠯᠭᠠᠨ ᠪᠠᠶᠢᠴᠠᠭᠠᠭᠠᠳ᠂ | ᠬᠠᠮᠤᠭ ᠰᠡᠭᠦᠯ ᠳᠤ 35 ᠬᠡᠦᠬᠡᠳ ᠤᠨ ᠴᠡᠴᠡᠷᠯᠢᠭ ᠢ 2018 ᠣᠨ ᠤ ᠥᠪᠡᠷᠲᠡᠭᠡᠨ ᠵᠠᠰᠠᠬᠤ ᠣᠷᠣᠨ ᠤ | ᠵᠢᠱᠢᠶᠡᠴᠢ ᠬᠡᠦᠬᠡᠳ ᠤᠨ ᠴᠡᠴᠡᠷᠯᠢᠭ ᠢᠶᠠᠷ ᠦᠨᠡᠯᠡᠪᠡ᠃ ᠡᠭᠦᠨ ᠤ ᠲᠤᠯᠠᠳᠠ᠂ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠥᠵᠢᠯ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠬᠡᠦᠬᠡᠳ ᠤᠨ ᠴᠡᠴᠡᠷᠯᠢᠭ ᠢ | ᠴᠡᠴᠡᠷᠯᠢᠭ ᠡᠷᠬᠢᠯᠡᠬᠦ ᠶᠠᠰᠤ ᠴᠢᠨᠠᠷ ᠪᠣᠯᠣᠨ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠬᠦ | ᠣᠷᠣᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠤᠨ ᠦᠢᠯᠡᠰ ᠲᠤ ᠵᠢᠱᠢᠶᠡᠴᠢ ᠳᠠᠭᠠᠭᠤᠯᠬᠤ | ᠦᠢᠯᠡᠳᠦᠯ ᠢᠶᠠᠨ ᠪᠠᠳᠠᠷᠠᠭᠤᠯᠬᠤ ᠶᠢ ᠱᠠᠭᠠᠷᠳᠠᠭᠰᠠᠨ ᠪᠠᠶᠢᠨ᠎ᠠ᠃ |