ᠪᠦᠬᠦ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-02-03
      2 ᠰᠠᠷ᠎ᠠ ᠶᠢᠨ 2 ᠤᠨ ᠡᠳᠦᠷ᠂ ᠰᠢᠶᠠᠨ ᠤ ᠨᠠᠮ ‍ᠤᠨ‌ᠬᠤᠷᠢᠶ᠎ᠠ ᠶᠢᠨ ᠱᠦᠵᠢ ᠭᠦᠸᠧ ᡁᠢ ᠭᠠᠩ ᠪᠦᠬᠦ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠥᠪ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠲᠠᠶᠢᠨ ᠤ ᠲᠤᠰᠬᠠᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠪᠦᠬᠦ ᠰᠢᠶᠠᠨ ᠤ ᠬᠢᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠪᠠ ᠬᠠᠷᠢᠭᠤᠴᠠᠯᠭ᠎ᠠ ᠡᠭᠦᠷᠭᠡᠯᠡᠵᠤ᠂ ᠪᠦᠬᠦ ᠬᠦᠴᠦᠨ ᠢᠶᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠳᠠᠶᠢᠯᠠᠯᠳᠤᠭᠠᠨ ᠢ ᠬᠤᠭᠤᠴᠠᠭ᠎ᠠ ᠶᠣᠰᠣᠭᠠᠷ ᠰᠠᠶᠢᠲᠤᠷ ᠬᠢᠵᠦ ᠢᠯᠠᠯᠲᠠ ᠤᠯᠬᠤ ᠬᠡᠷᠡᠭᠲᠡᠢ ᠭᠡᠵᠤ ᠲᠠᠶᠢᠴᠢᠯᠠᠨ ᠤᠷᠢᠶᠠᠯᠠᠪᠠ᠃      ᠯᠢ ᠴᠦᠨ ᠶᠠᠨ ᠵᠡᠷᠭᠡ ᠰᠢᠶᠠᠨ ᠤ ᠭᠠᠵᠠᠷ ᠤᠨ ᠲᠠᠰ ᠤᠨ ᠤᠳᠤᠷᠢᠳᠤᠯᠭ᠎ᠠ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠪᠠᠶᠢᠭᠤᠯᠭ᠎ᠠ ᠨᠢᠭᠡᠴᠡ ᠶᠢᠨ ᠭᠤᠤᠯ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃      ᠬᠤᠷᠠᠯ ᠳᠤ ᠪᠦᠬᠦ ᠰᠢᠶᠠᠨ ᠤ ᠲᠥᠪ ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠲᠠᠶᠢᠨ ᠤ ᠲᠤᠰᠬᠠᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠵᠠᠰᠠᠬᠤ ᠠᠵᠢᠯ ᠳᠤ ᠪᠠᠶᠢᠷᠢᠯᠠᠭᠤᠯᠤᠯᠲᠠ ᠬᠢᠪᠡ᠃ ᠰᠢᠶᠠᠨ ᠤ ᠶᠠᠳᠠᠭᠤ ᠶᠢ ᠲᠡᠳᠬᠦᠬᠦ ᠠᠯᠪᠠᠨ ᠬᠡᠷ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ ᠤᠨ ᠭᠤᠤᠯ ᠬᠠᠷᠢᠭᠤᠴᠠᠯᠭᠠᠲᠠᠨ ᠨᠥᠬᠦᠳ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠦᠷᠨᠢᠭᠦᠯᠬᠦ ᠲᠤᠬᠠᠢ ᠣᠪᠣᠷ ᠢᠶᠠᠨ ᠢᠯᠡᠳᠬᠡᠬᠦ ᠦᠭᠡ ᠬᠡᠯᠡᠵᠡᠶ᠃      ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠪᠤᠯ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠳᠠ ᠮᠦᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠴᠢᠬᠤᠯᠠ ᠠᠭᠤᠯᠭ᠎ᠠ ᠮᠥᠨ᠂ ᠮᠠᠨ ᠤ ᠨᠠᠮ ᠤᠨ ᠪᠦᠬᠦ ᠤᠯᠤᠰ ᠤᠨ ᠠᠷᠠᠳ ᠲᠦᠮᠡᠨ ᠳᠤ ᠬᠢᠭᠰᠡᠨ ᠲᠥᠪ ᠴᠢᠩᠭ᠎ᠠ ᠠᠮᠠᠯᠠᠯᠲᠠ ᠮᠥᠨ᠃ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠲᠠᠶᠢᠨ ᠤ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠡᠷᠡᠰ ᠪᠠᠲᠤ ᠤᠬᠠᠮᠰᠠᠷ ᠠᠴᠠ ᠪᠠᠨ ᠰᠠᠶᠢᠲᠤᠷ ᠠᠳᠬᠤᠬᠤ ᠬᠡᠷᠡᠭᠲᠡᠶ᠃ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶ ᠪᠣᠯᠭᠠᠬᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠤᠭᠳᠠᠬᠤ ᠶᠢ ᠦᠨᠡᠨᠬᠦ ᠪᠠᠳᠤᠯᠠᠵᠤ᠂ ᠦᠨᠡᠨ ᠪᠣᠳᠠᠲᠠᠢ ᠦᠷ᠎ᠡ ᠪᠦᠲᠦᠮᠵᠢ ᠭᠠᠷᠭᠠᠬᠤ ᠬᠡᠷᠡᠭᠳᠡᠢ᠃ ᠤᠨᠢᠨ ᠳᠡᠭᠡᠷ᠎ᠡ ᠨᠢ᠂ ᠶᠠᠳᠠᠭᠤ ᠶᠢ ᠲᠡᠳᠬᠦᠬᠦ ᠠᠵᠢᠯ ᠳᠤ ᠲᠦᠪᠯᠡᠷᠡᠭᠦᠯᠦᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ᠂ ᠠᠰᠠᠭᠤᠳᠠᠯ ᠢ ᠪᠣᠳᠠᠲᠠᠢ ᠲᠦᠢᠯᠪᠤᠷᠢᠲᠠᠢ ᠰᠠᠶᠢᠵᠢᠷᠠᠭᠤᠯᠵᠤ᠂ ᠠᠵᠢᠯ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠬᠤ ᠶᠢ ᠪᠠᠲᠤᠯᠠᠬᠤ ᠬᠡᠷᠡᠭᠳᠡᠢ ᠭᠡᠵᠤ ᠬᠤᠷᠠᠯ ᠠᠴᠠ ᠵᠢᠭᠠᠨ ᠭᠠᠷᠭᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠲᠤᠰᠬᠠᠶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠳᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠳᠠᠶᠢᠯᠠᠯᠳᠤᠭᠠᠨ ᠤ ᠢᠯᠠᠯᠲᠠ ᠤᠯᠬᠤ ᠪᠤᠯ ᠴᠢᠬᠤᠯᠠ ᠶᠡᠭᠡ ᠠᠴᠢ ᠬᠤᠯᠪᠣᠭᠳᠠᠯ ᠲᠠᠢ᠂ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠰᠠᠶᠢᠨ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠪᠤᠯᠤᠨ ᠲᠥᠪ ᠤᠨ ᠲᠤᠰᠬᠠᠶ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠶᠣᠰᠣᠭᠠᠷ ᠴᠡᠭᠴᠡᠯᠡᠨ ᠵᠠᠰᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂  ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠲᠠᠶᠢᠨ ᠤ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠯᠠᠪᠳᠠᠭᠤᠨ ᠪᠠᠲᠤᠲᠠᠢ ᠠᠬᠢᠭᠤᠯᠵᠤ᠂ ᠰᠢᠯᠢᠳᠡᠭ ᠬᠢᠷᠢ ᠪᠦᠲᠦᠮᠵᠢ ᠪᠠᠷ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠳᠤ ᠪᠡᠯᠡᠭ ᠪᠤᠯᠭᠠᠨ ᠡᠷᠭᠦᠬᠦ ᠬᠡᠷᠡᠭᠳᠡᠢ ᠭᠡᠪᠡ᠃      ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠭᠦᠸᠧ ᡁᠢ ᠭᠠᠩ ᠴᠠᠭᠠᠨ ᠰᠠᠷ᠎ᠠ ᠶᠢᠨ ᠬᠤᠭᠤᠴᠠᠭᠠᠨ ᠳᠤ᠂ ᠵᠢᠵᠢᠭᠦᠷᠯᠡᠨ ᠰᠠᠬᠢᠬᠤ᠂ ᠨᠠᠢᠮᠠᠨ ᠵᠤᠷᠪᠤᠰ ᠲᠣᠭᠲᠠᠭᠠᠯ᠂ ᠠᠶᠤᠯᠭᠦᠶ ᠪᠠᠷ ᠦᠢᠯᠡᠳᠪᠦᠷᠢᠯᠡᠬᠦ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ᠂ ᠰᠢᠨ᠎ᠡ ᠵᠢᠯ ᠤᠨ ᠴᠡᠴᠡᠭᠲᠦ ᠳ᠋ᠧᠩ᠂ ᠵᠠᠮ ᠬᠠᠷᠢᠯᠴᠠᠭᠠᠨ ᠤ ᠠᠮᠤᠷ ᠲᠦᠪᠰᠢᠨ ᠵᠡᠷᠭᠡ ᠭᠤᠣᠯᠳᠠᠯᠭ᠎ᠠ ᠲᠠᠢ ᠠᠵᠢᠯ ᠤᠨ ᠲᠤᠬᠠᠶ ᠰᠢᠰᠲ᠋ᠧᠮ ᠲᠠᠢ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号