ᠮᠤᠩᠭᠤᠯ ᠦᠨᠳᠤᠰᠤᠳᠠᠨ ᠤ ᠲᠡᠤᠬᠡᠨ ᠰᠤᠷᠪᠤᠯᠵᠢ ᠪᠢᠴᠢᠭ ᠪᠠ ᠮᠤᠩᠭᠤᠯ ᠰᠤᠶᠤᠯ ᠲᠡᠯᠬᠡᠷᠡᠬᠦᠯᠦᠯᠳᠡ ᠶᠢᠨ ᠲᠠᠭᠤᠳᠤ ᠡᠬᠢ ᠪᠠᠶᠠᠯᠢᠭ ᠤᠨ ᠬᠦᠮᠦᠷᠬᠡ ᠶᠢ ᠪᠠᠶᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2019-03-12
     3 ᠰᠠᠷ᠎ᠠ ᠶᠢᠨ 9 ᠤ ᠡᠳᠤᠷ᠂ ᠦᠪᠦᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠪᠯᠡᠯ ᠤᠨ ᠬᠤᠷᠢᠶ᠎ᠠ ᠪᠤᠯᠤᠨ ᠤᠯᠠᠭᠠᠨᠬᠠᠳᠠ ᠲᠡᠭᠡᠲᠦ ᠰᠤᠷᠭᠠᠭᠤᠯᠢ ᠶᠢᠨ ᠮᠤᠩᠭᠤᠯ ᠦᠨᠳᠤᠰᠤᠳᠠᠨ ᠤ ᠲᠡᠤᠬᠡᠨ ᠰᠤᠷᠪᠤᠯᠵᠢ ᠪᠢᠴᠢᠭ ᠪᠠ ᠮᠤᠩᠭᠤᠯ ᠰᠤᠶᠤᠯ ᠲᠡᠯᠬᠡᠷᠡᠬᠦᠯᠦᠯᠳᠡ ᠶᠢᠨ ᠲᠠᠭᠤᠳᠤ ᠡᠬᠡ ᠪᠠᠶᠠᠯᠢᠭ ᠤᠨ ᠬᠦᠮᠦᠷᠬᠡ ᠪᠠᠶᠢᠭᠤᠯᠬᠤ ᠵᠢᠴᠢ ᠭᠤᠤᠯ ᠮᠡᠷᠬᠡᠵᠢᠯ ᠤᠨ ᠰᠤᠳᠤᠯᠭᠠᠨ ᠤ ᠲᠦᠷᠦᠯ ᠵᠦᠢᠯ ᠤᠨ ᠡᠬᠢᠯᠡᠯᠳᠡ ᠶᠢᠨ ᠬᠤᠷᠠᠯ᠂ ᠦᠪᠦᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠪᠯᠡᠯ ᠤᠨ ᠬᠤᠷᠢᠶ᠎ᠠ ᠳᠤ ᠶᠠᠪᠤᠭᠳᠠᠭᠰᠠᠨ ᠪᠠᠶᠢᠨ᠎ᠠ᠃     ᠲᠤᠰ ᠤᠳᠠᠭᠠᠨ ᠤ ᠬᠤᠷᠠᠯ ᠳᠤ᠂ ᠮᠤᠩᠭᠤᠯ ᠦᠨᠳᠦᠰᠦᠲᠡᠨ ᠤ ᠲᠡᠤᠬᠡᠨ ᠰᠤᠷᠪᠤᠯᠵᠢ ᠪᠢᠴᠢᠭ ᠤᠨ ᠡᠬᠢ ᠪᠠᠶᠠᠯᠢᠭ ᠪᠠ ᠮᠤᠩᠭᠤᠯ ᠰᠤᠶᠤᠯ ᠲᠡᠯᠭᠡᠷᠡᠭᠦᠯᠦᠯᠲᠡ ᠶᠢᠨ ᠲᠠᠭᠤᠲᠦ ᠡᠬᠢ ᠪᠠᠶᠠᠯᠢᠭ ᠤᠨ ᠬᠦᠮᠦᠷᠭᠡ ᠪᠠᠶᠢᠭᠤᠯᠬᠤ ᠵᠢᠴᠢ ᠭᠤᠤᠯ ᠮᠡᠷᠭᠡᠵᠢᠯ ᠤᠨ ᠰᠤᠳᠤᠯᠭᠠᠨ ᠤ ᠲᠠᠯ᠎ᠠ ᠪᠠᠷ᠂ ᠬᠤᠶᠠᠷ ᠪᠠᠶᠢᠭᠤᠯᠭ᠎ᠠ ᠶᠢᠨ ᠬᠡᠰᠡᠭ ᠤᠳᠤᠷᠢᠳᠤᠯᠭ᠎ᠠ ᠪᠠ ᠡᠷᠳᠡᠮᠳᠡᠨ ᠰᠤᠳᠤᠯᠤᠭᠠᠴᠢᠳ ᠬᠦᠭᠵᠢᠶᠠᠨ ᠲᠠᠢ ᠶᠠᠷᠢᠯᠴᠠᠵᠦ᠂ ᠲᠤᠰ ᠲᠦᠷᠦᠯ ᠵᠦᠢᠯ ᠤᠨ ᠪᠠᠶᠢᠭᠤᠯᠤᠯᠳᠠ ᠶᠢᠨ ᠠᠵᠢᠯ ᠢ ᠵᠢᠩᠬᠢᠨᠢ ᠪᠠᠷ ᠡᠬᠢᠯᠡᠬᠦᠯᠦᠭᠰᠡᠨ ᠪᠠᠶᠢᠨ᠎ᠠ᠃     ᠤᠯᠠᠭᠠᠨᠬᠠᠳᠠ ᠲᠡᠭᠡᠲᠦ ᠰᠤᠷᠭᠠᠭᠤᠯᠢ ᠶᠢᠨ ᠰᠢᠷ᠎ᠠ ᠮᠦᠷᠠᠨ ᠤ ᠰᠤᠶᠤᠯ ᠰᠤᠳᠤᠯᠭᠠᠨ ᠤ ᠬᠦᠷᠢᠶᠠᠯᠠᠩ ᠤᠨ ᠵᠠᠬᠢᠷᠤᠯ ᠨᠠᠭᠤᠷ ᠰᠤᠷᠪᠤᠯᠵᠢᠯᠠᠭ᠎ᠠ ᠬᠦᠯᠢᠶᠡᠬᠦ ᠳᠤ ᠪᠠᠨ᠄ ︽ᠦᠪᠤᠷ ᠮᠤᠩᠭᠤᠯ ᠤᠨ ᠵᠠᠰᠠᠭ ᠤᠨ ᠤᠷᠳᠤᠨ ᠪᠠ ᠤᠯᠠᠭᠠᠨᠬᠠᠳᠠ ᠬᠤᠳᠠ ᠶᠢᠨ ᠵᠠᠰᠠᠭ ᠤᠨ ᠤᠷᠳᠤᠨ ᠠᠴᠠ ᠮᠠᠨ ᠤ ᠰᠤᠷᠭᠠᠭᠤᠯᠢ ᠶᠢᠨ ᠡᠷᠳᠡᠮ ᠰᠢᠨᠵᠢᠯᠡᠬᠡᠨ ᠤ ᠠᠵᠢᠯ ᠢ ᠴᠢᠩᠭᠠᠳᠬᠠᠬᠤ ᠬᠡᠵᠦ ᠨᠢᠬᠡ ᠪᠦᠯᠦᠭ ᠵᠤᠭᠤᠰ ᠮᠦᠡᠭᠬᠦ ᠭᠠᠷᠭᠠᠵᠦ ᠤᠷᠤᠨ ᠨᠤᠳᠤᠭ ᠤᠨ ᠰᠢᠨᠵᠢᠯᠡᠬᠡᠨ ᠤ ᠠᠵᠢᠯ ᠢ ᠬᠢᠯᠬᠡᠵᠠᠢ᠂ ᠡᠬᠦᠨ ᠢ ᠬᠢᠵᠦ ᠪᠠᠶᠢᠬᠤ ᠶᠢᠨ ᠵᠤᠷᠢᠯᠭ᠎ᠠ ᠨᠢ ᠡᠶᠢᠮᠤ ᠠᠵᠢᠯ ᠢ ᠦᠷᠬᠦᠯᠵᠢᠯᠡᠨ ᠬᠢᠬᠦ ᠰᠠᠨᠠᠭ᠎ᠠ ᠲᠠᠢ︾ ᠬᠡᠵᠠᠢ᠃     ᠤᠯᠠᠭᠠᠨᠬᠠᠳᠠ ᠲᠡᠭᠡᠲᠦ ᠰᠤᠷᠭᠠᠭᠤᠯᠢ ᠶᠢᠨ ᠰᠢᠷ᠎ᠠ ᠮᠦᠷᠠᠨ ᠤ ᠰᠤᠶᠤᠯ ᠰᠤᠳᠤᠯᠭᠠᠨ ᠤ ᠬᠦᠷᠢᠶᠠᠯᠠᠩ ᠤᠨ ᠪᠠᠭᠰᠢ ᠶᠢᠨ ᠱᠤᠸᠠᠩ ᠯᠦᠩ ᠪᠡᠯᠡᠳᠬᠡᠯ ᠠᠵᠢᠯ ᠤᠨ ᠲᠤᠬᠠᠢ ᠲᠠᠨᠢᠯᠴᠠᠭᠤᠯᠬᠤ ᠳᠤ ᠪᠠᠨ᠄ ︽ᠮᠠᠨ ᠤ ᠪᠡᠯᠡᠳᠬᠡᠯ ᠠᠵᠢᠯ ᠪᠦᠷ ᠪᠡᠯᠡᠬᠡᠨ ᠪᠤᠯᠤᠭᠠᠳ ᠪᠠᠶᠢᠨ᠎ᠠ᠂ ᠢᠷᠤᠬᠡᠯ ᠮᠠᠭᠳᠠᠭᠠᠯ᠂ ᠰᠤᠷᠪᠤᠯᠵᠢ ᠪᠢᠴᠢᠭ ᠢᠶᠠᠨ ᠪᠦᠷᠢᠨ ᠪᠤᠯᠭᠠᠭᠠᠳ ᠰᠢᠩᠬᠡᠬᠡᠯᠳᠡ ᠬᠢᠬᠦ ᠪᠠᠷ ᠪᠤᠢ︾ ᠬᠡᠵᠠᠢ᠃     ᠨᠡᠶᠢᠬᠡᠮ ᠤᠨ ᠬᠦᠭᠵᠢᠯᠳᠡ ᠶᠢ ᠲᠠᠭᠠᠯᠳᠤᠨ᠂ ᠰᠤᠶᠤᠯ ᠤᠨ ᠲᠡᠯᠡᠬᠡᠶᠢᠴᠢᠯᠡᠯᠳᠡ᠂ ᠨᠤᠮ ᠬᠡᠪᠯᠡᠯ ᠤᠨ ᠰᠢᠨᠠᠴᠢᠯᠡᠯᠳᠡ᠂ ᠬᠦᠮᠦᠰ ᠤᠨ ᠨᠤᠮ ᠤᠡᠭᠰᠢᠯᠭ᠎ᠠ ᠶᠢᠨ ᠠᠷᠭ᠎ᠠ ᠪᠠᠷᠢᠯ ᠤᠨ ᠲᠠᠯ᠎ᠠ ᠬᠤᠪᠢᠷᠠᠯᠳᠠ ᠶᠡᠬᠡᠳᠠᠢ ᠪᠠᠶᠢᠵᠦ᠂ ᠨᠡᠶᠢᠬᠡᠮ ᠤᠨ ᠬᠡᠷᠡᠭᠴᠡᠭᠡ ᠱᠠᠭᠠᠷᠳᠠᠯᠭ᠎ᠠ ᠳᠤ ᠵᠤᠬᠢᠴᠠᠭᠰᠠᠨ ᠰᠢᠨ᠎ᠡ ᠬᠦᠭᠵᠢᠯᠳᠡ ᠶᠢᠨ ᠠᠷᠭ᠎ᠠ ᠪᠤᠳᠤᠯᠭ᠎ᠠ ᠲᠤᠭᠳᠠᠭᠠᠬᠤ ᠨᠢ ᠡᠯ᠎ᠡ ᠪᠠᠶᠢᠭᠤᠯᠭ᠎ᠠ ᠨᠢᠭᠡᠴᠢ ᠶᠢᠨ ᠨᠢᠳᠤᠨ ᠡᠮᠤᠨ᠎ᠠ ᠲᠤᠯᠭᠠᠮ᠎ᠠ ᠱᠠᠭᠠᠷᠳᠠᠭᠳᠠᠵᠦ ᠪᠠᠶᠢᠨ᠎ᠠ᠂ ᠬᠤᠶᠠᠷ ᠪᠠᠶᠢᠭᠤᠯᠭ᠎ᠠ ᠬᠠᠮᠳᠤᠷᠠᠵᠦ᠂ ᠰᠢᠨ᠎ᠡ ᠬᠡᠯᠪᠡᠷᠢ ᠤᠨ ᠵᠠᠭᠤᠴᠢ ᠶᠢᠨ ᠮᠡᠷᠬᠡᠵᠢᠯ ᠢ ᠠᠰᠢᠭᠯᠠᠨ᠂ ᠲᠠᠭᠤᠳᠤ ᠡᠬᠢ ᠪᠠᠶᠠᠯᠢᠭ ᠤᠨ ᠬᠦᠮᠦᠷᠬᠡ ᠪᠠᠶᠢᠭᠤᠯᠵᠦ᠂ ᠲᠡᠤᠬᠡ ᠰᠤᠶᠤᠯ ᠢᠶᠠᠨ ᠨᠡᠩ ᠤᠯᠠᠨ ᠬᠦᠮᠦᠰ ᠲᠤ ᠲᠠᠨᠢᠯᠴᠠᠭᠤᠯᠬᠤ ᠪᠤᠯᠤᠭᠰᠠᠨ ᠨᠢ ᠬᠡᠪᠯᠡᠯ ᠪᠠ ᠰᠤᠷᠭᠠᠨ ᠬᠦᠮᠦᠵᠢᠯ ᠤᠨ ᠰᠢᠨ᠎ᠡ ᠴᠠᠭ ᠦᠶ᠎ᠡ ᠶᠢᠨ ᠰᠢᠨ᠎ᠡ ᠬᠦᠭᠵᠢᠯᠳᠡ ᠶᠢᠨ ᠪᠦᠳᠤᠬᠡᠭᠳᠡᠬᠦᠨ ᠪᠤᠯᠬᠤ ᠶᠤᠮ᠃     ᠦᠪᠦᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠪᠯᠡᠯ ᠤᠨ ᠬᠤᠷᠢᠶ᠎ᠠ ᠶᠢᠨ ᠲᠠᠷᠤᠭ᠎ᠠ ᠪᠠᠳᠤᠪᠠᠶᠠᠷ ᠰᠤᠷᠪᠤᠯᠵᠢᠯᠠᠭ᠎ᠠ ᠬᠦᠯᠢᠶᠡᠬᠦ ᠳᠤ ᠪᠠᠨ᠄ ︽ᠠᠳᠠᠯᠢ ᠪᠤᠰᠤ ᠬᠡᠷᠡᠭᠴᠡᠭᠡ ᠲᠠᠢ ᠬᠦᠮᠦᠨ ᠤ ᠬᠡᠷᠡᠭᠯᠡᠬᠦ ᠱᠠᠭᠠᠷᠳᠠᠯᠭ᠎ᠠ ᠳᠤ ᠨᠠᠶᠢᠴᠡᠭᠰᠡᠨ ᠡᠬᠢ ᠪᠠᠶᠠᠯᠢᠭ ᠢ ᠴᠤᠭᠯᠠᠭᠤᠯᠬᠤ ᠡᠭᠦᠷᠭᠡ ᠲᠠᠢ᠂ ᠪᠠᠰᠠ ᠬᠠᠷᠢᠭᠤᠴᠠᠯᠭ᠎ᠠ ᠲᠠᠢ᠂ ᠮᠤᠩᠭᠤᠯ ᠤᠡᠭᠰᠢᠭ᠌ᠴᠢᠳ ᠲᠤ ᠡᠳᠡᠬᠡᠷ ᠠᠭᠤᠯᠭ᠎ᠠ ᠶᠢ ᠬᠠᠨᠭ᠍ᠭᠠᠬᠤ ᠴᠢᠬᠤᠯᠠᠴᠢᠯᠠᠭ᠎ᠠ ᠲᠠᠢ ᠪᠤᠯᠤᠭᠠᠳ ᠪᠠᠶᠢᠨ᠎ᠠ᠂ ᠤᠯᠠᠭᠠᠨᠬᠠᠳᠠ ᠲᠡᠬᠡᠳᠤ ᠰᠤᠷᠭᠠᠭᠤᠯᠢ ᠳᠤ ᠴᠦ ᠡᠨᠡ ᠲᠠᠯ᠎ᠠ ᠶᠢᠨ ᠰᠤᠳᠤᠯᠭᠠᠨ ᠤ ᠠᠵᠢᠯ ᠶᠡᠭᠡ ᠬᠡᠷᠡᠭᠴᠡᠭᠡ ᠲᠠᠢ ᠪᠠᠶᠢᠨ᠎ᠠ᠂ ᠲᠡᠬᠡᠬᠡᠳ ᠬᠤᠶᠠᠷ ᠪᠠᠶᠢᠭᠤᠯᠤᠯᠭ᠎ᠠ ᠬᠠᠮᠳᠤᠷᠠᠭᠠᠳ ︽ᠬᠦᠬᠡ ᠲᠠᠯ᠎ᠠ︾ ᠰᠤᠨᠤᠰᠳᠠᠭ ᠨᠤᠮ ᠲᠡᠬᠡᠷ᠎ᠡ ᠠᠭᠤᠯᠭ᠎ᠠ ᠨᠤᠭᠤᠳ ᠢ ᠬᠠᠨᠭ᠍ᠭᠠᠬᠤ ᠪᠤᠯᠤᠭᠰᠠᠨ ᠨᠢ ᠶᠡᠭᠡ ᠰᠠᠶᠢᠨ ᠶᠠᠪᠤᠳᠠᠯ ᠬᠡᠵᠦ ᠦᠵᠡᠵᠦ ᠪᠠᠶᠢᠨ᠎ᠠ︾ ᠬᠡᠵᠠᠢ᠃     ᠬᠤᠷᠠᠯ ᠲᠡᠬᠡᠷ᠎ᠡ ᠪᠠᠰᠠ ᠬᠤᠶᠠᠷ ᠲᠠᠯ᠎ᠠ ᠪᠠᠷ ᠢᠶᠠᠨ ᠬᠤᠶᠢᠰᠢᠳᠡ ᠤᠯᠠᠨ ᠬᠦᠷᠢᠶ᠎ᠠ ᠴᠠᠷᠠᠭ᠎ᠠ ᠳᠤ ᠬᠠᠮᠳᠤᠷᠠᠨ ᠠᠵᠢᠯᠯᠠᠬᠤ ᠪᠠᠨ ᠢᠯᠡᠷᠬᠡᠶᠢᠯᠡᠭᠰᠡᠨ ᠪᠦᠬᠡᠳ ᠬᠠᠮᠳᠤᠷᠠᠯ ᠤᠨ ᠲᠤᠮᠳᠠᠬᠢ ᠠᠩᠬᠠᠷᠤᠯ ᠲᠠᠢ ᠵᠦᠢᠯ ᠢ ᠡᠷᠳᠡᠬᠡᠨ ᠰᠢᠢᠳᠪᠦᠷᠢᠯᠡᠵᠦ᠂ ᠡᠯ᠎ᠡ ᠲᠠᠯ᠎ᠠ ᠶᠢᠨ ᠠᠵᠢᠯ ᠢᠶᠠᠨ ᠨᠠᠷᠢᠯᠢᠭ ᠪᠠᠶᠢᠷᠢᠯᠠᠭᠤᠯᠤᠨ᠂ ᠨᠡᠶᠢᠬᠡᠮ ᠤᠨ ᠱᠠᠭᠠᠷᠳᠠᠯᠭ᠎ᠠ᠂ ᠬᠦᠮᠦᠰ ᠤᠨ ᠬᠡᠷᠡᠭᠴᠡᠭᠡ ᠳᠤ ᠨᠠᠶᠢᠴᠡᠭᠰᠡᠨ ᠲᠠᠭᠤᠳᠤ ᠡᠬᠢ ᠪᠠᠶᠠᠯᠢᠭ ᠤᠨ ᠬᠦᠮᠦᠷᠬᠡ ᠪᠠᠶᠢᠭᠤᠯᠬᠤ ᠪᠠᠷ ᠰᠠᠨᠠᠯ ᠪᠤᠳᠤᠯ ᠢᠶᠠᠨ ᠰᠤᠯᠢᠯᠴᠠᠭᠰᠠᠨ ᠪᠠᠶᠢᠨ᠎ᠠ᠃     ᠤᠯᠠᠭᠠᠨᠬᠠᠳᠠ ᠲᠡᠭᠡᠲᠦ ᠰᠤᠷᠭᠠᠭᠤᠯᠢ ᠶᠢᠨ ᠲᠡᠳ᠋ ᠵᠠᠬᠢᠷᠤᠯ ᠪᠦᠷᠢᠨᠵᠢᠷᠭᠠᠯ ᠬᠠᠮᠳᠤᠷᠤᠯᠴᠠᠭᠠᠨ ᠤ ᠠᠴᠢ ᠬᠤᠯᠪᠤᠭᠳᠠᠯ ᠤᠨ ᠲᠠᠯ᠎ᠠ ᠠᠴᠠ ᠶᠠᠷᠢᠬᠤ ᠳᠤ ᠪᠠᠨ᠄ ︽ᠡᠨᠡ ᠪᠤᠯ ᠴᠢᠬᠤᠯᠠ ᠶᠡᠭᠡ ᠠᠴᠢ ᠬᠤᠯᠪᠤᠭᠳᠠᠯ ᠲᠠᠢ ᠠᠵᠢᠯᠯᠠᠭᠠᠨ ᠬᠡᠵᠦ ᠦᠵᠡᠵᠦ ᠪᠠᠶᠢᠨ᠎ᠠ᠂ ᠦᠨᠳᠤᠷ ᠲᠦᠪᠰᠢᠨ ᠤ ᠦᠷ᠎ᠡ ᠪᠦᠳᠤᠬᠡᠯ ᠬᠡᠪᠯᠡᠯ ᠢᠶᠠᠷ ᠲᠠᠮᠵᠢᠵᠦ ᠭᠠᠷᠤᠨ᠎ᠠ᠂ ᠬᠡᠪᠯᠡᠯ ᠤᠨ ᠬᠤᠷᠢᠶ᠎ᠠ ᠠᠴᠠ ᠪᠠᠰᠠ ᠪᠢᠳᠡᠨ ᠳᠤ ᠶᠠᠮᠠᠷ ᠴᠢᠭᠯᠡᠯ ᠤᠨ ᠡᠬᠦᠷᠬᠡ ᠲᠠᠭᠠᠭᠠᠯᠭᠠᠵᠤ ᠵᠠᠬᠢᠶᠠᠯᠠᠵᠦ ᠴᠢᠨᠠᠷ ᠲᠠᠢ ᠪᠦᠳᠤᠮᠵᠢᠳᠠᠢ ᠪᠦᠳᠤᠬᠡᠯ ᠤᠳ ᠢ ᠭᠠᠷᠭᠠᠬᠤ ᠨᠢ ᠶᠡᠭᠡ ᠰᠠᠶᠢᠬᠠᠨ ᠶᠠᠪᠤᠳᠠᠯ ᠪᠠᠶᠢᠨ᠎ᠠ︾ ᠬᠡᠵᠠᠢ᠃
 
ᠢᠷᠡᠯᠲᠡ᠄ ᠲᠥᠪ ᠲᠧᠯᠸᠢᠰ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号