3 ᠰᠠᠷ᠎ᠠ ᠶᠢᠨ 9 ᠤ ᠡᠳᠤᠷ᠂ ᠦᠪᠦᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠪᠯᠡᠯ ᠤᠨ ᠬᠤᠷᠢᠶ᠎ᠠ ᠪᠤᠯᠤᠨ ᠤᠯᠠᠭᠠᠨᠬᠠᠳᠠ | ᠲᠡᠭᠡᠲᠦ ᠰᠤᠷᠭᠠᠭᠤᠯᠢ ᠶᠢᠨ ᠮᠤᠩᠭᠤᠯ ᠦᠨᠳᠤᠰᠤᠳᠠᠨ ᠤ ᠲᠡᠤᠬᠡᠨ ᠰᠤᠷᠪᠤᠯᠵᠢ ᠪᠢᠴᠢᠭ ᠪᠠ ᠮᠤᠩᠭᠤᠯ ᠰᠤᠶᠤᠯ ᠲᠡᠯᠬᠡᠷᠡᠬᠦᠯᠦᠯᠳᠡ ᠶᠢᠨ ᠲᠠᠭᠤᠳᠤ ᠡᠬᠡ | ᠪᠠᠶᠠᠯᠢᠭ ᠤᠨ ᠬᠦᠮᠦᠷᠬᠡ ᠪᠠᠶᠢᠭᠤᠯᠬᠤ ᠵᠢᠴᠢ ᠭᠤᠤᠯ ᠮᠡᠷᠬᠡᠵᠢᠯ ᠤᠨ ᠰᠤᠳᠤᠯᠭᠠᠨ ᠤ ᠲᠦᠷᠦᠯ ᠵᠦᠢᠯ ᠤᠨ ᠡᠬᠢᠯᠡᠯᠳᠡ ᠶᠢᠨ ᠬᠤᠷᠠᠯ᠂ ᠦᠪᠦᠷ ᠮᠤᠩᠭᠤᠯ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠪᠯᠡᠯ ᠤᠨ ᠬᠤᠷᠢᠶ᠎ᠠ ᠳᠤ ᠶᠠᠪᠤᠭᠳᠠᠭᠰᠠᠨ ᠪᠠᠶᠢᠨ᠎ᠠ᠃ | ᠲᠤᠰ ᠤᠳᠠᠭᠠᠨ ᠤ ᠬᠤᠷᠠᠯ ᠳᠤ᠂ ᠮᠤᠩᠭᠤᠯ ᠦᠨᠳᠦᠰᠦᠲᠡᠨ ᠤ ᠲᠡᠤᠬᠡᠨ ᠰᠤᠷᠪᠤᠯᠵᠢ ᠪᠢᠴᠢᠭ ᠤᠨ ᠡᠬᠢ ᠪᠠᠶᠠᠯᠢᠭ ᠪᠠ ᠮᠤᠩᠭᠤᠯ ᠰᠤᠶᠤᠯ | ᠲᠡᠯᠭᠡᠷᠡᠭᠦᠯᠦᠯᠲᠡ ᠶᠢᠨ ᠲᠠᠭᠤᠲᠦ ᠡᠬᠢ ᠪᠠᠶᠠᠯᠢᠭ ᠤᠨ ᠬᠦᠮᠦᠷᠭᠡ ᠪᠠᠶᠢᠭᠤᠯᠬᠤ ᠵᠢᠴᠢ ᠭᠤᠤᠯ ᠮᠡᠷᠭᠡᠵᠢᠯ ᠤᠨ ᠰᠤᠳᠤᠯᠭᠠᠨ ᠤ ᠲᠠᠯ᠎ᠠ ᠪᠠᠷ᠂ ᠬᠤᠶᠠᠷ | ᠪᠠᠶᠢᠭᠤᠯᠭ᠎ᠠ ᠶᠢᠨ ᠬᠡᠰᠡᠭ ᠤᠳᠤᠷᠢᠳᠤᠯᠭ᠎ᠠ ᠪᠠ ᠡᠷᠳᠡᠮᠳᠡᠨ ᠰᠤᠳᠤᠯᠤᠭᠠᠴᠢᠳ ᠬᠦᠭᠵᠢᠶᠠᠨ ᠲᠠᠢ ᠶᠠᠷᠢᠯᠴᠠᠵᠦ᠂ ᠲᠤᠰ ᠲᠦᠷᠦᠯ ᠵᠦᠢᠯ ᠤᠨ ᠪᠠᠶᠢᠭᠤᠯᠤᠯᠳᠠ ᠶᠢᠨ | ᠠᠵᠢᠯ ᠢ ᠵᠢᠩᠬᠢᠨᠢ ᠪᠠᠷ ᠡᠬᠢᠯᠡᠬᠦᠯᠦᠭᠰᠡᠨ ᠪᠠᠶᠢᠨ᠎ᠠ᠃ | ᠤᠯᠠᠭᠠᠨᠬᠠᠳᠠ ᠲᠡᠭᠡᠲᠦ ᠰᠤᠷᠭᠠᠭᠤᠯᠢ ᠶᠢᠨ ᠰᠢᠷ᠎ᠠ ᠮᠦᠷᠠᠨ ᠤ ᠰᠤᠶᠤᠯ ᠰᠤᠳᠤᠯᠭᠠᠨ ᠤ ᠬᠦᠷᠢᠶᠠᠯᠠᠩ ᠤᠨ ᠵᠠᠬᠢᠷᠤᠯ ᠨᠠᠭᠤᠷ ᠰᠤᠷᠪᠤᠯᠵᠢᠯᠠᠭ᠎ᠠ | ᠬᠦᠯᠢᠶᠡᠬᠦ ᠳᠤ ᠪᠠᠨ᠄ ︽ᠦᠪᠤᠷ ᠮᠤᠩᠭᠤᠯ ᠤᠨ ᠵᠠᠰᠠᠭ ᠤᠨ ᠤᠷᠳᠤᠨ ᠪᠠ ᠤᠯᠠᠭᠠᠨᠬᠠᠳᠠ ᠬᠤᠳᠠ ᠶᠢᠨ ᠵᠠᠰᠠᠭ ᠤᠨ ᠤᠷᠳᠤᠨ ᠠᠴᠠ ᠮᠠᠨ ᠤ ᠰᠤᠷᠭᠠᠭᠤᠯᠢ ᠶᠢᠨ | ᠡᠷᠳᠡᠮ ᠰᠢᠨᠵᠢᠯᠡᠬᠡᠨ ᠤ ᠠᠵᠢᠯ ᠢ ᠴᠢᠩᠭᠠᠳᠬᠠᠬᠤ ᠬᠡᠵᠦ ᠨᠢᠬᠡ ᠪᠦᠯᠦᠭ ᠵᠤᠭᠤᠰ ᠮᠦᠡᠭᠬᠦ ᠭᠠᠷᠭᠠᠵᠦ ᠤᠷᠤᠨ ᠨᠤᠳᠤᠭ ᠤᠨ ᠰᠢᠨᠵᠢᠯᠡᠬᠡᠨ ᠤ ᠠᠵᠢᠯ ᠢ ᠬᠢᠯᠬᠡᠵᠠᠢ᠂ | ᠡᠬᠦᠨ ᠢ ᠬᠢᠵᠦ ᠪᠠᠶᠢᠬᠤ ᠶᠢᠨ ᠵᠤᠷᠢᠯᠭ᠎ᠠ ᠨᠢ ᠡᠶᠢᠮᠤ ᠠᠵᠢᠯ ᠢ ᠦᠷᠬᠦᠯᠵᠢᠯᠡᠨ ᠬᠢᠬᠦ ᠰᠠᠨᠠᠭ᠎ᠠ ᠲᠠᠢ︾ ᠬᠡᠵᠠᠢ᠃ | ᠤᠯᠠᠭᠠᠨᠬᠠᠳᠠ ᠲᠡᠭᠡᠲᠦ ᠰᠤᠷᠭᠠᠭᠤᠯᠢ ᠶᠢᠨ ᠰᠢᠷ᠎ᠠ ᠮᠦᠷᠠᠨ ᠤ ᠰᠤᠶᠤᠯ ᠰᠤᠳᠤᠯᠭᠠᠨ ᠤ ᠬᠦᠷᠢᠶᠠᠯᠠᠩ ᠤᠨ ᠪᠠᠭᠰᠢ ᠶᠢᠨ ᠱᠤᠸᠠᠩ ᠯᠦᠩ ᠪᠡᠯᠡᠳᠬᠡᠯ | ᠠᠵᠢᠯ ᠤᠨ ᠲᠤᠬᠠᠢ ᠲᠠᠨᠢᠯᠴᠠᠭᠤᠯᠬᠤ ᠳᠤ ᠪᠠᠨ᠄ ︽ᠮᠠᠨ ᠤ ᠪᠡᠯᠡᠳᠬᠡᠯ ᠠᠵᠢᠯ ᠪᠦᠷ ᠪᠡᠯᠡᠬᠡᠨ ᠪᠤᠯᠤᠭᠠᠳ ᠪᠠᠶᠢᠨ᠎ᠠ᠂ ᠢᠷᠤᠬᠡᠯ ᠮᠠᠭᠳᠠᠭᠠᠯ᠂ ᠰᠤᠷᠪᠤᠯᠵᠢ | ᠪᠢᠴᠢᠭ ᠢᠶᠠᠨ ᠪᠦᠷᠢᠨ ᠪᠤᠯᠭᠠᠭᠠᠳ ᠰᠢᠩᠬᠡᠬᠡᠯᠳᠡ ᠬᠢᠬᠦ ᠪᠠᠷ ᠪᠤᠢ︾ ᠬᠡᠵᠠᠢ᠃ | ᠨᠡᠶᠢᠬᠡᠮ ᠤᠨ ᠬᠦᠭᠵᠢᠯᠳᠡ ᠶᠢ ᠲᠠᠭᠠᠯᠳᠤᠨ᠂ ᠰᠤᠶᠤᠯ ᠤᠨ ᠲᠡᠯᠡᠬᠡᠶᠢᠴᠢᠯᠡᠯᠳᠡ᠂ ᠨᠤᠮ ᠬᠡᠪᠯᠡᠯ ᠤᠨ ᠰᠢᠨᠠᠴᠢᠯᠡᠯᠳᠡ᠂ ᠬᠦᠮᠦᠰ ᠤᠨ ᠨᠤᠮ ᠤᠡᠭᠰᠢᠯᠭ᠎ᠠ ᠶᠢᠨ | ᠠᠷᠭ᠎ᠠ ᠪᠠᠷᠢᠯ ᠤᠨ ᠲᠠᠯ᠎ᠠ ᠬᠤᠪᠢᠷᠠᠯᠳᠠ ᠶᠡᠬᠡᠳᠠᠢ ᠪᠠᠶᠢᠵᠦ᠂ ᠨᠡᠶᠢᠬᠡᠮ ᠤᠨ ᠬᠡᠷᠡᠭᠴᠡᠭᠡ ᠱᠠᠭᠠᠷᠳᠠᠯᠭ᠎ᠠ ᠳᠤ ᠵᠤᠬᠢᠴᠠᠭᠰᠠᠨ ᠰᠢᠨ᠎ᠡ ᠬᠦᠭᠵᠢᠯᠳᠡ ᠶᠢᠨ ᠠᠷᠭ᠎ᠠ | ᠪᠤᠳᠤᠯᠭ᠎ᠠ ᠲᠤᠭᠳᠠᠭᠠᠬᠤ ᠨᠢ ᠡᠯ᠎ᠡ ᠪᠠᠶᠢᠭᠤᠯᠭ᠎ᠠ ᠨᠢᠭᠡᠴᠢ ᠶᠢᠨ ᠨᠢᠳᠤᠨ ᠡᠮᠤᠨ᠎ᠠ ᠲᠤᠯᠭᠠᠮ᠎ᠠ ᠱᠠᠭᠠᠷᠳᠠᠭᠳᠠᠵᠦ ᠪᠠᠶᠢᠨ᠎ᠠ᠂ ᠬᠤᠶᠠᠷ ᠪᠠᠶᠢᠭᠤᠯᠭ᠎ᠠ ᠬᠠᠮᠳᠤᠷᠠᠵᠦ᠂ | ᠰᠢᠨ᠎ᠡ ᠬᠡᠯᠪᠡᠷᠢ ᠤᠨ ᠵᠠᠭᠤᠴᠢ ᠶᠢᠨ ᠮᠡᠷᠬᠡᠵᠢᠯ ᠢ ᠠᠰᠢᠭᠯᠠᠨ᠂ ᠲᠠᠭᠤᠳᠤ ᠡᠬᠢ ᠪᠠᠶᠠᠯᠢᠭ ᠤᠨ ᠬᠦᠮᠦᠷᠬᠡ ᠪᠠᠶᠢᠭᠤᠯᠵᠦ᠂ ᠲᠡᠤᠬᠡ ᠰᠤᠶᠤᠯ ᠢᠶᠠᠨ ᠨᠡᠩ ᠤᠯᠠᠨ | ᠬᠦᠮᠦᠰ ᠲᠤ ᠲᠠᠨᠢᠯᠴᠠᠭᠤᠯᠬᠤ ᠪᠤᠯᠤᠭᠰᠠᠨ ᠨᠢ ᠬᠡᠪᠯᠡᠯ ᠪᠠ ᠰᠤᠷᠭᠠᠨ ᠬᠦᠮᠦᠵᠢᠯ ᠤᠨ ᠰᠢᠨ᠎ᠡ ᠴᠠᠭ ᠦᠶ᠎ᠡ ᠶᠢᠨ ᠰᠢᠨ᠎ᠡ ᠬᠦᠭᠵᠢᠯᠳᠡ ᠶᠢᠨ ᠪᠦᠳᠤᠬᠡᠭᠳᠡᠬᠦᠨ | ᠪᠤᠯᠬᠤ ᠶᠤᠮ᠃ | ᠦᠪᠦᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠪᠯᠡᠯ ᠤᠨ ᠬᠤᠷᠢᠶ᠎ᠠ ᠶᠢᠨ ᠲᠠᠷᠤᠭ᠎ᠠ ᠪᠠᠳᠤᠪᠠᠶᠠᠷ ᠰᠤᠷᠪᠤᠯᠵᠢᠯᠠᠭ᠎ᠠ | ᠬᠦᠯᠢᠶᠡᠬᠦ ᠳᠤ ᠪᠠᠨ᠄ ︽ᠠᠳᠠᠯᠢ ᠪᠤᠰᠤ ᠬᠡᠷᠡᠭᠴᠡᠭᠡ ᠲᠠᠢ ᠬᠦᠮᠦᠨ ᠤ ᠬᠡᠷᠡᠭᠯᠡᠬᠦ ᠱᠠᠭᠠᠷᠳᠠᠯᠭ᠎ᠠ ᠳᠤ ᠨᠠᠶᠢᠴᠡᠭᠰᠡᠨ ᠡᠬᠢ ᠪᠠᠶᠠᠯᠢᠭ ᠢ ᠴᠤᠭᠯᠠᠭᠤᠯᠬᠤ ᠡᠭᠦᠷᠭᠡ ᠲᠠᠢ᠂ | ᠪᠠᠰᠠ ᠬᠠᠷᠢᠭᠤᠴᠠᠯᠭ᠎ᠠ ᠲᠠᠢ᠂ ᠮᠤᠩᠭᠤᠯ ᠤᠡᠭᠰᠢᠭ᠌ᠴᠢᠳ ᠲᠤ ᠡᠳᠡᠬᠡᠷ ᠠᠭᠤᠯᠭ᠎ᠠ ᠶᠢ ᠬᠠᠨᠭ᠍ᠭᠠᠬᠤ ᠴᠢᠬᠤᠯᠠᠴᠢᠯᠠᠭ᠎ᠠ ᠲᠠᠢ ᠪᠤᠯᠤᠭᠠᠳ ᠪᠠᠶᠢᠨ᠎ᠠ᠂ ᠤᠯᠠᠭᠠᠨᠬᠠᠳᠠ | ᠲᠡᠬᠡᠳᠤ ᠰᠤᠷᠭᠠᠭᠤᠯᠢ ᠳᠤ ᠴᠦ ᠡᠨᠡ ᠲᠠᠯ᠎ᠠ ᠶᠢᠨ ᠰᠤᠳᠤᠯᠭᠠᠨ ᠤ ᠠᠵᠢᠯ ᠶᠡᠭᠡ ᠬᠡᠷᠡᠭᠴᠡᠭᠡ ᠲᠠᠢ ᠪᠠᠶᠢᠨ᠎ᠠ᠂ ᠲᠡᠬᠡᠬᠡᠳ ᠬᠤᠶᠠᠷ ᠪᠠᠶᠢᠭᠤᠯᠤᠯᠭ᠎ᠠ ᠬᠠᠮᠳᠤᠷᠠᠭᠠᠳ ︽ | ᠬᠦᠬᠡ ᠲᠠᠯ᠎ᠠ︾ ᠰᠤᠨᠤᠰᠳᠠᠭ ᠨᠤᠮ ᠲᠡᠬᠡᠷ᠎ᠡ ᠠᠭᠤᠯᠭ᠎ᠠ ᠨᠤᠭᠤᠳ ᠢ ᠬᠠᠨᠭ᠍ᠭᠠᠬᠤ ᠪᠤᠯᠤᠭᠰᠠᠨ ᠨᠢ ᠶᠡᠭᠡ ᠰᠠᠶᠢᠨ ᠶᠠᠪᠤᠳᠠᠯ ᠬᠡᠵᠦ ᠦᠵᠡᠵᠦ ᠪᠠᠶᠢᠨ᠎ᠠ︾ ᠬᠡᠵᠠᠢ᠃ | ᠬᠤᠷᠠᠯ ᠲᠡᠬᠡᠷ᠎ᠡ ᠪᠠᠰᠠ ᠬᠤᠶᠠᠷ ᠲᠠᠯ᠎ᠠ ᠪᠠᠷ ᠢᠶᠠᠨ ᠬᠤᠶᠢᠰᠢᠳᠡ ᠤᠯᠠᠨ ᠬᠦᠷᠢᠶ᠎ᠠ ᠴᠠᠷᠠᠭ᠎ᠠ ᠳᠤ ᠬᠠᠮᠳᠤᠷᠠᠨ ᠠᠵᠢᠯᠯᠠᠬᠤ ᠪᠠᠨ ᠢᠯᠡᠷᠬᠡᠶᠢᠯᠡᠭᠰᠡᠨ ᠪᠦᠬᠡᠳ | ᠬᠠᠮᠳᠤᠷᠠᠯ ᠤᠨ ᠲᠤᠮᠳᠠᠬᠢ ᠠᠩᠬᠠᠷᠤᠯ ᠲᠠᠢ ᠵᠦᠢᠯ ᠢ ᠡᠷᠳᠡᠬᠡᠨ ᠰᠢᠢᠳᠪᠦᠷᠢᠯᠡᠵᠦ᠂ ᠡᠯ᠎ᠡ ᠲᠠᠯ᠎ᠠ ᠶᠢᠨ ᠠᠵᠢᠯ ᠢᠶᠠᠨ ᠨᠠᠷᠢᠯᠢᠭ ᠪᠠᠶᠢᠷᠢᠯᠠᠭᠤᠯᠤᠨ᠂ ᠨᠡᠶᠢᠬᠡᠮ ᠤᠨ | ᠱᠠᠭᠠᠷᠳᠠᠯᠭ᠎ᠠ᠂ ᠬᠦᠮᠦᠰ ᠤᠨ ᠬᠡᠷᠡᠭᠴᠡᠭᠡ ᠳᠤ ᠨᠠᠶᠢᠴᠡᠭᠰᠡᠨ ᠲᠠᠭᠤᠳᠤ ᠡᠬᠢ ᠪᠠᠶᠠᠯᠢᠭ ᠤᠨ ᠬᠦᠮᠦᠷᠬᠡ ᠪᠠᠶᠢᠭᠤᠯᠬᠤ ᠪᠠᠷ ᠰᠠᠨᠠᠯ ᠪᠤᠳᠤᠯ ᠢᠶᠠᠨ ᠰᠤᠯᠢᠯᠴᠠᠭᠰᠠᠨ | ᠪᠠᠶᠢᠨ᠎ᠠ᠃ | ᠤᠯᠠᠭᠠᠨᠬᠠᠳᠠ ᠲᠡᠭᠡᠲᠦ ᠰᠤᠷᠭᠠᠭᠤᠯᠢ ᠶᠢᠨ ᠲᠡᠳ᠋ ᠵᠠᠬᠢᠷᠤᠯ ᠪᠦᠷᠢᠨᠵᠢᠷᠭᠠᠯ ᠬᠠᠮᠳᠤᠷᠤᠯᠴᠠᠭᠠᠨ ᠤ ᠠᠴᠢ ᠬᠤᠯᠪᠤᠭᠳᠠᠯ ᠤᠨ ᠲᠠᠯ᠎ᠠ ᠠᠴᠠ ᠶᠠᠷᠢᠬᠤ ᠳᠤ ᠪᠠᠨ᠄ | ︽ᠡᠨᠡ ᠪᠤᠯ ᠴᠢᠬᠤᠯᠠ ᠶᠡᠭᠡ ᠠᠴᠢ ᠬᠤᠯᠪᠤᠭᠳᠠᠯ ᠲᠠᠢ ᠠᠵᠢᠯᠯᠠᠭᠠᠨ ᠬᠡᠵᠦ ᠦᠵᠡᠵᠦ ᠪᠠᠶᠢᠨ᠎ᠠ᠂ ᠦᠨᠳᠤᠷ ᠲᠦᠪᠰᠢᠨ ᠤ ᠦᠷ᠎ᠡ ᠪᠦᠳᠤᠬᠡᠯ ᠬᠡᠪᠯᠡᠯ ᠢᠶᠠᠷ | ᠲᠠᠮᠵᠢᠵᠦ ᠭᠠᠷᠤᠨ᠎ᠠ᠂ ᠬᠡᠪᠯᠡᠯ ᠤᠨ ᠬᠤᠷᠢᠶ᠎ᠠ ᠠᠴᠠ ᠪᠠᠰᠠ ᠪᠢᠳᠡᠨ ᠳᠤ ᠶᠠᠮᠠᠷ ᠴᠢᠭᠯᠡᠯ ᠤᠨ ᠡᠬᠦᠷᠬᠡ ᠲᠠᠭᠠᠭᠠᠯᠭᠠᠵᠤ ᠵᠠᠬᠢᠶᠠᠯᠠᠵᠦ ᠴᠢᠨᠠᠷ ᠲᠠᠢ ᠪᠦᠳᠤᠮᠵᠢᠳᠠᠢ | ᠪᠦᠳᠤᠬᠡᠯ ᠤᠳ ᠢ ᠭᠠᠷᠭᠠᠬᠤ ᠨᠢ ᠶᠡᠭᠡ ᠰᠠᠶᠢᠬᠠᠨ ᠶᠠᠪᠤᠳᠠᠯ ᠪᠠᠶᠢᠨ᠎ᠠ︾ ᠬᠡᠵᠠᠢ᠃ | | | | |