ᠬᠦᠬᠡᠬᠤᠳᠠ ᠳᠤ ᠳᠡᠯᠡᠬᠡᠢ ᠶᠢᠨ ᠬᠦᠯ ᠪᠦᠮᠪᠦᠭᠡᠨ ᠤ ᠴᠢᠯᠦᠭᠡᠲᠦ ᠴᠣᠬᠢᠯᠲᠠ ᠶᠢᠨ ᠮᠠᠰᠲ᠋ᠧᠷ ᠤᠨ ᠤᠷᠤᠯᠳᠤᠭᠠᠨ ᠪᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2019-03-14
      ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠦᠯ ᠪᠦᠮᠪᠦᠭᠡ ᠶᠢᠨ ᠨᠡᠶᠢᠭᠡᠮᠯᠢᠭ᠂ ᠬᠦᠬᠡᠬᠤᠲᠠ ᠶᠢᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠭᠰᠡᠨ 2019 ᠣᠨ ᠤ ᠳᠡᠯᠡᠬᠡᠢ ᠶᠢᠨ ᠬᠦᠯ ᠪᠦᠮᠪᠦᠭᠡᠨ ᠤ ᠴᠢᠯᠦᠭᠡᠲᠦ ᠴᠣᠬᠢᠯᠲᠠ ᠶᠢᠨ ᠮᠠᠰᠲ᠋ᠧᠷ ᠤᠨ ᠤᠷᠤᠯᠳᠤᠭᠠᠨ ᠡᠨᠡ ᠵᠢᠯ ᠤᠨ 6 ᠳ᠋ᠤᠭᠠᠷ ᠰᠠᠷ᠎ᠠ ᠳᠤ ᠬᠦᠬᠡᠬᠤᠲᠠ ᠳᠤ ᠪᠤᠯᠬᠤ ᠪᠠᠷ ᠪᠠᠶᠢᠨ᠎ᠠ᠃      ᠳᠤᠮᠳᠠᠳᠤ ᠤᠯᠤᠰ ᠲᠤ ᠠᠩᠬ᠎ᠠ ᠤᠳᠠᠭ᠎ᠠ ᠪᠤᠯᠵᠦ ᠪᠠᠶᠢᠭ᠎ᠠ ᠡᠨᠡᠬᠦ ᠤᠷᠤᠯᠳᠤᠭᠠᠨ ᠨᠢ ᠳᠡᠯᠡᠬᠡᠢ ᠶᠢᠨ ᠬᠠᠮᠤᠭ ᠤᠨ ᠰᠢᠯᠢᠳᠡᠭ ᠠᠷᠪᠠᠨ ᠬᠤᠶᠠᠷ ᠬᠦᠯ ᠪᠦᠮᠪᠦᠭᠡ ᠶᠢᠨ ᠲᠠᠮᠢᠷᠴᠢᠨ ᠪᠤᠯᠤᠨ ᠬᠤᠶᠠᠷ ᠡᠭᠦᠳᠡ ᠬᠠᠮᠠᠭᠠᠯᠠᠭᠴᠢ ᠶᠢ ᠤᠷᠢᠵᠤ᠂ ᠳᠡᠯᠡᠬᠡᠢ ᠶᠢᠨ ᠬᠠᠮᠤᠭ ᠤᠨ ᠦᠨᠳᠦᠷ ᠲᠦᠪᠰᠢᠨ ᠤ ᠬᠦᠯ ᠪᠦᠮᠪᠦᠭᠡ ᠶᠢᠨ ᠴᠢᠯᠦᠭᠡᠲᠦ ᠴᠣᠬᠢᠯᠲᠠ ᠶᠢ ᠣᠯᠠᠨ ᠳᠤ ᠬᠠᠷᠠᠭᠤᠯᠬᠤ ᠪᠣᠯᠣᠨ᠎ᠠ᠃ ᠤᠷᠤᠯᠳᠤᠭᠠᠨ ᠤ ᠶᠠᠪᠤᠴᠠ ᠨᠢ ᠦᠳᠡ ᠶᠢᠨ ᠬᠤᠶᠢᠨ᠎ᠠ ᠠᠴᠠ ᠡᠬᠢᠯᠡᠨ᠂ ᠣᠯᠠᠨ ᠲᠦᠮᠡᠨ ᠤ ᠣᠷᠣᠯᠴᠠᠯᠭ᠎ᠠ ᠲᠠᠢ ᠬᠦᠯ ᠪᠦᠮᠪᠦᠭᠡ ᠶᠢᠨ ᠨᠠᠭᠠᠳᠤᠮ ᠴᠡᠩᠭᠡᠭᠦᠨ ᠤ ᠠᠵᠢᠯᠯᠠᠭ᠎ᠠ᠂ ᠣᠷᠣᠢ ᠶᠢᠨ ᠵᠢᠷᠭᠤᠭᠠᠨ ᠴᠠᠭ ᠠᠴᠠ ᠡᠬᠢᠯᠡᠨ ᠵᠢᠩᠬᠢᠨᠢ ᠤᠷᠤᠯᠳᠤᠬᠤ ᠭᠡᠬᠦ ᠬᠤᠶᠠᠷ ᠠᠭᠤᠯᠭ᠎ᠠ ᠪᠠᠷ ᠶᠠᠪᠤᠭᠳᠠᠬᠤ ᠪᠣᠯᠣᠨ᠎ᠠ᠃      ᠳᠡᠯᠡᠬᠡᠢ ᠶᠢᠨ ᠬᠦᠯ ᠪᠦᠮᠪᠦᠭᠡᠨ ᠤ ᠴᠢᠯᠦᠭᠡᠲᠦ ᠴᠣᠬᠢᠯᠲᠠ ᠶᠢᠨ ᠮᠠᠰᠲ᠋ᠧᠷ ᠤᠨ ᠤᠷᠤᠯᠳᠤᠭᠠᠨ ᠨᠢ 2004 ᠤᠨ ᠳᠤ ᠢᠰᠫᠠᠨᠢ ᠳᠤ᠂ 2008 ᠣᠨ ᠳᠤ ᠠᠮᠧᠷᠢᠺᠡ ᠳᠤ ᠶᠠᠪᠤᠭᠳᠠᠵᠤ᠂ ᠲᠤᠬᠠᠢ ᠶᠢᠨ ᠦᠶ᠎ᠡ ᠳᠤ 200 ᠭᠠᠷᠤᠢ ᠤᠯᠤᠰ᠂ ᠨᠠᠢᠮᠠᠨ ᠳ᠋ᠦᠩᠰᠢᠭᠤᠷ ᠭᠠᠷᠤᠢ ᠦᠵᠡᠭᠴᠢᠳ ᠤᠨ ᠠᠩᠬᠠᠷᠤᠯ ᠢ ᠲᠠᠳᠠᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠣ᠋ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号