13 ᠳ᠋ᠤᠭᠠᠷ ᠬᠤᠭᠤᠴᠠᠭᠠᠨ ᠤ ᠰᠦᠨ ᠤ ᠥᠢᠯᠡᠰ ᠤᠨ ᠦᠵᠡᠰᠭᠦᠯᠡᠩ 26 ᠤ ᠡᠳᠦᠷ ᠬᠦᠬᠡᠬᠤᠲᠠ ᠳᠤ ᠨᠡᠭᠡᠭᠡᠭᠳᠡᠨ᠎ᠡ
ᠨᠡᠶᠢᠲᠡᠯᠡᠭᠰᠡᠨ ᠴᠠᠭ᠄
2019-03-14
      ᠰᠤᠷᠪᠤᠯᠵᠢᠯᠠᠭᠴᠢ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠤᠢᠯᠠᠭᠠᠭᠰᠠᠨ ᠢᠶᠠᠷ᠂ 13 ᠳ᠋ᠤᠭᠠᠷ ᠬᠤᠭᠤᠴᠠᠭᠠᠨ ᠤ ᠦᠪᠦᠷ ᠮᠣᠩᠭᠤᠯ ᠤᠨ ᠰᠦᠨ ᠤ ᠥᠢᠯᠡᠰ ᠤᠨ ᠦᠵᠡᠰᠭᠦᠯᠡᠩ 26 ᠤ ᠡᠳᠦᠷ ᠬᠦᠬᠡᠬᠤᠲᠠ ᠳᠤ ᠨᠡᠭᠡᠭᠡᠭᠳᠡᠬᠦ ᠪᠠᠷ ᠪᠣᠯᠪᠠ᠃      ᠤᠢᠯᠠᠭᠠᠭᠰᠠᠨ ᠢᠶᠠᠷ᠂ 13 ᠳ᠋ᠤᠭᠠᠷ ᠬᠤᠭᠤᠴᠠᠭᠠᠨ ᠤ ᠰᠦᠨ ᠥᠢᠯᠡᠰ ᠤᠨ ᠦᠵᠡᠰᠭᠦᠯᠡᠩ ᠬᠢᠭᠡᠳ ᠳᠡᠬᠡᠳᠦ ᠳᠦᠪᠰᠢᠨ ᠤ ᠴᠢᠭᠤᠯᠭ᠎ᠠ ᠠᠭᠤᠯᠵᠠᠯᠳᠠ ᠶᠢ ᠦᠪᠦᠷ ᠮᠣᠩᠭᠤᠯ ᠤᠨ ᠰᠦᠨ ᠥᠢᠯᠡᠰ ᠤᠨ ᠨᠡᠶᠢᠬᠡᠮᠯᠢᠭ᠂ ᠦᠪᠦᠷ ᠮᠣᠩᠭᠤᠯ ᠤᠨ ᠢᠯᠢ ᠪᠦᠯᠦᠭᠯᠡᠯ᠂ ᠦᠪᠦᠷ ᠮᠣᠩᠭᠤᠯ ᠤᠨ ᠮᠧᠩ ᠨᠢᠦ ᠪᠦᠯᠦᠭᠯᠡᠯ ᠬᠠᠮᠲᠤᠷᠠᠨ ᠡᠷᠬᠢᠯᠡᠵᠦ᠂ ︽ᠠᠮᠤᠷ ᠲᠥᠪᠰᠢᠨ᠂ ᠣᠷᠴᠢᠨ ᠳᠤᠭᠤᠷᠢᠨ᠂ ᠡᠷᠡᠬᠦᠯ ᠮᠡᠨᠳᠦ - ᠬᠠᠮᠳᠦᠪᠡᠷ ᠲᠡᠯᠡᠬᠡᠢ ᠶᠢᠨ ᠰᠦᠨ ᠤ ᠬᠤᠲᠠ ᠶᠢ ᠪᠠᠢᠭᠤᠯᠬᠤ︾ ᠰᠡᠳᠦᠪ ᠢᠶᠠᠷ ᠶᠠᠪᠤᠭᠳᠠᠨ᠎ᠠ᠃ ᠮᠦᠨ ᠲᠤᠲᠤᠭᠠᠳᠦ ᠭᠠᠳᠠᠭᠠᠳᠦ ᠶᠢᠨ ᠮᠡᠷᠭᠡᠵᠢᠯᠲᠡᠨ᠂ ᠡᠷᠳᠡᠮᠲᠡᠳ᠂ ᠮᠠᠯ ᠠᠵᠦ ᠠᠬᠤᠢ ᠶᠢᠨ ᠬᠠᠷᠢᠭᠤᠴᠠᠯᠭᠠᠲᠠᠳ᠂ ᠨᠡᠶᠢᠬᠡᠮᠯᠢᠭ ᠤᠨ ᠬᠠᠷᠢᠭᠤᠴᠠᠯᠭᠠᠲᠠᠳ᠂ ᠰᠦᠨ ᠤ ᠥᠢᠯᠡᠰ ᠤᠨ ᠬᠢᠨ ᠪᠣᠯᠣᠨ ᠬᠤᠯᠪᠤᠭ᠎ᠠ ᠪᠦᠬᠦᠢ ᠡᠯ᠎ᠡ ᠬᠦᠷᠢᠶ᠎ᠡ ᠴᠠᠷᠠᠭ᠎ᠠ ᠶᠢᠨ ᠬᠦᠮᠦᠰ᠂ ᠮᠠᠯᠵᠢᠯ ᠤᠨ ᠲᠠᠯᠠᠪᠤᠷ ᠤᠨ ᠡᠵᠡᠩᠨᠡᠭᠴᠢ ᠵᠡᠷᠭᠡ ᠠᠵᠢᠯ ᠲᠦᠷᠦᠯ ᠤᠨ ᠬᠦᠮᠦᠰ ᠤᠷᠤᠯᠴᠠᠵᠤ᠂ ᠠᠵᠢᠯ ᠲᠦᠷᠦᠯ ᠤᠨ ᠰᠢᠨ᠎ᠡ ᠦᠵᠡᠯᠲᠡ᠂ ᠰᠢᠨ᠎ᠡ ᠮᠡᠷᠭᠡᠵᠢᠯ ᠢᠶᠠᠨ ᠬᠤᠪᠢᠶᠠᠯᠴᠠᠨ ᠬᠦᠮᠦᠰ ᠲᠤ ᠠᠩᠬᠠᠷᠤᠭᠳᠠᠭᠰᠠᠨ ᠭᠤᠣᠯᠳᠠᠯᠭ᠎ᠠ ᠲᠠᠢ ᠠᠰᠠᠭᠤᠳᠠᠯ ᠤᠨ ᠤᠷᠴᠢᠨ ᠳᠤ ᠶᠠᠷᠢᠯᠴᠠᠯᠭ᠎ᠠ ᠥᠷᠨᠢᠭᠦᠯᠦᠨ᠎ᠡ᠃      ᠡᠭᠦᠨ ᠠᠴᠠ ᠭᠠᠳᠠᠨ᠎ᠠ᠂ ᠴᠢᠭᠤᠯᠭ᠎ᠠ ᠠᠭᠤᠯᠵᠠᠯᠳᠠ ᠳᠤ ᠪᠠᠰᠠ ᠰᠠᠭᠠᠯᠢ ᠶᠢᠨ ᠦᠨᠢᠶᠡᠨ ᠤ ᠡᠭᠦᠯᠳᠡᠷ᠂ ᠠᠷᠠᠴᠢᠯᠠᠭ᠎ᠠ᠂ ᠲᠡᠵᠢᠭᠡᠬᠦ ᠮᠡᠷᠭᠡᠵᠢᠯ ᠵᠢᠴᠢ ᠪᠠᠭᠠᠵᠢ ᠬᠡᠷᠡᠭᠰᠡᠯ᠂ ᠰᠦᠨ ᠪᠦᠲᠦᠭᠡᠭᠳᠡᠭᠦᠨ ᠡᠳ᠋ᠰᠢᠭᠦᠯᠬᠦ ᠪᠠ ᠰᠠᠪᠠᠯᠠᠬᠤ ᠮᠡᠷᠭᠡᠵᠢᠯ᠂ ᠪᠠᠭᠠᠵᠢ ᠵᠡᠷᠭᠡ ᠲᠠᠢ ᠬᠤᠯᠪᠤᠭᠳᠠᠭᠰᠠᠨ ᠬᠠᠮᠢᠶ᠎ᠠ ᠪᠦᠬᠦᠢ ᠤᠯᠤᠰ ᠤᠨ ᠲᠤᠲᠤᠭᠠᠳᠦ ᠭᠠᠳᠠᠭᠠᠳᠦ ᠶᠢᠨ ᠠᠵᠦ ᠠᠬᠤᠢᠯᠠᠯ ᠤᠷᠤᠯᠴᠠᠵᠦ᠂ ︽ᠰᠢᠨ᠎ᠡ ᠰᠤᠷᠭᠤᠭ︾ ᠭᠡᠬᠦ ᠰᠡᠳᠦᠪ ᠤᠨ ᠲᠤᠭᠤᠷᠢᠨ ᠳᠤ ᠶᠠᠷᠢᠯᠴᠠᠯᠭ᠎ᠠ ᠬᠢᠵᠦ᠂ ᠰᠦᠨ ᠥᠢᠯᠡᠰ ᠤᠨ ᠪᠦᠬᠦᠯᠢ ᠴᠣᠭᠴᠠ ᠶᠢᠨ ᠬᠠᠮᠲᠤᠷᠠᠯ ᠪᠠ ᠬᠠᠮᠳᠤ ᠪᠠᠷ ᠠᠰᠢᠭ ᠬᠦᠷᠲᠡᠬᠦ ᠶᠢ ᠵᠣᠷᠢᠵᠤ᠂ ᠲᠤᠮᠳᠠᠳᠦ ᠤᠯᠤᠰ ᠤᠨ ᠰᠦᠨ ᠤ ᠥᠢᠯᠡᠰ ᠤᠨ ᠭᠡᠭᠡᠨ ᠰᠠᠷᠠᠭᠤᠯ ᠢᠷᠡᠭᠡᠳᠦᠢ ᠶᠢ ᠬᠠᠮᠳᠦ ᠪᠠᠷ ᠵᠥᠪᠯᠡᠨ᠎ᠡ᠃
 
ᠢᠷᠡᠯᠲᠡ᠄ ᠰᠢᠨᠬᠤᠧᠠ ᠮᠣᠩᠭᠤᠯ ᠨᠧᠲ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号